2014 ᠤᠨ ᠳᠤ ᠮᠠᠨ ᠤ ᠤᠷᠤᠨ ᠤ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠦᠷᠳᠡᠭ 1.77 ᠲᠦᠮᠡ ᠭᠠᠷᠣᠢ ᠳ᠋ᠦᠡᠭᠰᠢᠭᠤᠷ ᠲᠦᠭᠦᠷᠢᠭ ᠲᠤ ᠬᠦᠷᠴᠦ 7.8% ᠨᠡᠮᠡᠭᠳᠡᠪᠡ
ᠨᠡᠶᠢᠲᠡᠯᠡᠭᠰᠡᠨ ᠴᠠᠭ᠄
2015-01-29
     1 ᠰᠠᠷ᠎ᠠ ᠶᠢᠨ 26᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠪᠡᠷᠳᠡᠭᠡᠨ ᠵᠠᠰᠠᠬᠤ ᠤᠷᠤᠨ ᠤ 2014 ᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠠ 2015 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠮᠡᠳᠡᠭᠦᠯᠦᠯᠳᠡ ᠶᠢ ᠲᠠᠷᠤᠮᠠᠯᠯᠠᠨ ᠪᠦᠬᠦ ᠲᠦᠯᠦᠭᠡᠯᠡᠭᠴᠢ ᠳᠤ ᠲᠠᠷᠬᠠᠭᠠᠵᠦ ᠬᠢᠨᠠᠨ ᠵᠦᠪᠯᠡᠭᠦᠯᠪᠡ᠃      ᠮᠡᠳᠡᠭᠦᠯᠦᠯᠳᠡ ᠳᠤ᠂ 2014 ᠤᠨ ᠳᠤ᠂ ᠪᠦᠬᠦ ᠤᠷᠤᠨ ᠤ ᠡᠯ᠎ᠡ ᠭᠠᠵᠠᠷ ᠤᠨ ᠬᠢᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ︽8337︾ ᠬᠦᠭᠵᠢᠯᠳᠠ ᠶᠢᠨ ᠰᠡᠳᠭᠢᠴᠡ ᠶᠢ ᠬᠦᠨᠵᠡᠭᠡᠢ ᠨᠠᠶᠢᠳᠠᠪᠤᠷᠢᠵᠢᠭᠤᠯᠵᠦ᠂ ᠠᠵᠦ ᠠᠬᠤᠢ ᠨᠡᠶᠢᠭᠡᠮ ᠤᠨ ᠬᠦᠭᠵᠢᠯᠳᠠ ︽ᠰᠢᠨ᠎ᠠ ᠬᠡᠪ ᠪᠠᠶᠢᠳᠠᠯ︾ ᠲᠤᠤᠷ᠎ᠠ ︽ᠰᠢᠨ᠎ᠠ ᠬᠢᠯᠡᠰ ᠴᠡᠭ︾᠎ ᠲᠠᠢ ᠪᠤᠯᠵᠦ᠂ ᠪᠦᠬᠦ ᠤᠷᠤᠨ ᠤ ᠠᠵᠦ ᠠᠬᠤᠢ ᠶᠢᠨ ᠲᠤᠬᠳᠠᠭᠤᠨ ᠢᠶᠠᠷ ᠨᠡᠮᠡᠭᠳᠡᠭᠦ ᠶᠢ ᠪᠠᠳᠤᠯᠠᠪᠠ᠃ ᠪᠦᠬᠦ ᠵᠢᠯ ᠤᠨ ᠦᠢᠯᠡᠳᠪᠤᠷᠢᠯᠠᠯ ᠤᠨ ᠶᠡᠷᠦᠩᠭᠡᠢ ᠦᠷᠳᠡᠭ 17769.5 ᠳ᠋ᠦᠡᠭᠰᠢᠭᠤᠷ ᠲᠦᠭᠦᠷᠢᠭ ᠲᠤ ᠬᠦᠷᠴᠦ᠂ 7.8% ᠨᠡᠮᠡᠭᠳᠡᠪᠡ ᠭᠡᠵᠤ ᠳᠤᠷᠠᠳᠪᠠ᠃      2014 ᠤᠨ ᠳᠤ ᠲᠠᠷᠢᠶᠠᠯᠠᠩ ᠮᠠᠯ ᠠᠵᠦ ᠠᠬᠤᠢ ᠲᠤᠬᠳᠠᠭᠤᠨ ᠢᠶᠠᠷ ᠬᠦᠭᠵᠢᠵᠦ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ 550.6 ᠳ᠋ᠦᠡᠭᠰᠢᠭᠤᠷ ᠵᠢᠩ ᠳᠤ ᠬᠦᠷᠴᠦ᠂ ︽ᠠᠷᠪᠠᠨ ᠨᠢᠭᠡ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾᠎ ᠶᠢ ᠪᠡᠶᠡᠯᠡᠭᠦᠯᠪᠠ᠃ ᠮᠠᠯ ᠤᠨ ᠲᠤᠭ᠎ᠠ ᠦᠷᠬᠦᠯᠵᠢᠯᠡᠨ ᠨᠡᠮᠡᠭᠳᠡᠨ 1.29 ᠳ᠋ᠦᠡᠭᠰᠢᠭᠤᠷ ᠲᠤ ᠬᠦᠷᠴᠤ᠂ 9.3% ᠨᠡᠮᠡᠭᠳᠡᠪᠡ᠃ ᠠᠵᠦ ᠦᠢᠯᠡᠳᠪᠤᠷᠢ ᠶᠢᠨ ᠪᠦᠲᠦᠴᠡ ᠶᠢᠨ ᠲᠤᠬᠢᠷᠠᠭᠤᠯᠤᠯᠳᠠ ᠢᠳᠡᠪᠬᠢᠳᠠᠢ ᠠᠬᠢᠯᠳᠠ ᠲᠠᠢ ᠪᠤᠯᠵᠦ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠤᠷᠢᠯᠠᠯ ᠤᠨ ᠨᠡᠮᠡᠭᠳᠡᠯ ᠦᠷᠳᠡᠭ 10% ᠨᠡᠮᠡᠭᠳᠡᠵᠦ᠂ ᠨᠢᠭᠡᠴᠢ GDP᠎ ᠤᠨ ᠡᠨᠧᠷᠭᠢ ᠶᠢᠨ ᠬᠤᠷᠤᠬᠳᠠᠭᠤᠯᠣᠯ ᠪᠠ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠢ ᠭᠠᠳᠠᠬᠰᠢᠯᠠᠭᠤᠯᠬᠤ ᠬᠡᠮᠵᠢᠶ᠎ᠠ ᠲᠤᠰᠪᠤᠷᠢ 3.9% ᠪᠠ 5% ᠪᠠᠭᠤᠷᠠᠪᠠ᠃ ᠦᠢᠯᠡᠴᠢᠯᠡᠭᠡᠨ ᠤ ᠦᠢᠯᠡᠰ ᠤᠨ ᠡᠷᠭᠢᠯᠳᠠ ᠲᠤᠬᠳᠠᠭᠤᠨ ᠪᠠᠶᠢᠵᠦ᠂ ᠪᠦᠬᠦ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠣᠭᠰᠠᠨ ᠶᠡᠷᠦᠩᠭᠡᠢ ᠬᠡᠮᠵᠢᠶ᠎ᠡ 5619.9 ᠳ᠋ᠦᠡᠭᠰᠢᠭᠤᠷ ᠲᠦᠭᠦᠷᠢᠭ ᠲᠤ ᠬᠦᠷᠪᠡ᠃ ᠲᠡᠮᠤᠷ ᠵᠠᠮ ᠤᠨ ᠲᠡᠭᠡᠭᠡᠪᠦᠷᠢᠯᠠᠭᠰᠡᠨ ᠬᠡᠮᠵᠢᠶ᠎ᠠ 7.3 ᠳ᠋ᠦᠡᠭᠰᠢᠭᠤᠷ ᠲᠤᠨ ᠳᠤ ᠬᠦᠷᠪᠡ᠃ ᠵᠣᠭᠠᠴᠠᠯ ᠤᠨ ᠶᠡᠷᠦᠩᠭᠡᠢ ᠤᠷᠤᠯᠭ᠎ᠠ 1806.6 ᠳ᠋ᠦᠡᠭᠰᠢᠭᠤᠷ ᠲᠦᠭᠦᠷᠢᠭ ᠲᠤ ᠬᠦᠷᠴᠤ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠤᠭᠤᠰ ᠤᠨ ᠡᠯ᠎ᠠ ᠵᠦᠢᠯ ᠤᠨ ᠬᠠᠳᠠᠭᠠᠯᠠᠮᠵᠢ ᠶᠢᠨ ᠦᠯᠡᠳᠡᠪᠤᠷᠢ 16217.6 ᠳ᠋ᠦᠡᠭᠰᠢᠭᠤᠷ ᠲᠦᠭᠦᠷᠢᠭ ᠪᠠᠶᠢᠵᠦ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠤᠷᠢ 14947.1 ᠳ᠋ᠦᠡᠭᠰᠢᠭᠤᠷ ᠲᠦᠭᠦᠷᠢᠭ ᠲᠤ ᠬᠦᠷᠴᠠᠢ᠃      2015 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠤᠷᠤᠨ ᠨᠤᠲᠤᠭ ᠤᠨ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 8% ᠤᠷᠴᠢᠮ ᠨᠡᠮᠡᠭᠳᠡᠭᠦᠯᠵᠦ᠂ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 13% ᠨᠡᠮᠡᠭᠳᠡᠭᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠤᠨ ᠦᠷᠳᠡᠭ ᠢ 10% ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠬᠡᠮᠵᠢᠶ᠎ᠡ ᠶᠢ 11% ᠨᠡᠮᠡᠭᠳᠡᠭᠦᠯᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 6% ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 9% ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 10%᠎ ᠠᠴᠠ ᠲᠡᠭᠡᠭᠰᠢ ᠨᠡᠮᠡᠭᠳᠡᠭᠦᠯᠵᠦ᠂ ᠬᠤᠳᠠ ᠪᠠᠯᠭᠠᠰᠤᠨ ᠤ 25 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠠ ᠬᠠᠨᠭ᠍ᠰᠢ ᠶᠢᠨ ᠨᠡᠮᠡᠭᠳᠡᠯ ᠤᠨ ᠬᠡᠮᠵᠢᠶ᠎ᠠ ᠶᠢ 3% ᠤᠷᠴᠢᠮ ᠢᠶᠠᠷ ᠬᠢᠵᠠᠭᠠᠷᠯᠠᠵᠦ᠂ ᠨᠢᠭᠡᠴᠢ ᠦᠢᠯᠡᠳᠪᠤᠷᠢᠯᠠᠯ ᠤᠨ ᠶᠡᠷᠦᠩᠭᠡᠢ ᠦᠷᠳᠡᠭ ᠤᠨ ᠡᠨᠧᠷᠭᠢ ᠶᠢᠨ ᠬᠤᠷᠤᠬᠳᠠᠭᠤᠯᠣᠯ ᠪᠠ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠢ ᠭᠠᠳᠠᠬᠰᠢᠯᠠᠭᠤᠯᠬᠤ ᠬᠡᠮᠵᠢᠶ᠎ᠠ ᠶᠢ ᠲᠤᠮᠳᠠᠴᠢ ᠪᠠᠷ 2.2% ᠪᠠᠭᠤᠷᠠᠭᠤᠯᠤᠨ᠎ᠠ᠃      ᠲᠡᠭᠡᠷᠡᠭᠢ ᠬᠠᠷᠠᠯᠳᠠ ᠶᠢ ᠪᠡᠶᠡᠯᠡᠭᠦᠯᠭᠦ ᠳᠤ᠂ ᠮᠠᠨ ᠤ ᠤᠷᠤᠨ ᠲᠤᠬᠳᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠠᠵᠦ ᠠᠬᠤᠢ ᠶᠢᠨ ᠡᠷᠭᠢᠯᠳᠠ ᠵᠤᠬᠢᠰᠳᠠᠢ ᠬᠡᠪᠴᠢᠶᠠᠨ ᠳᠤ ᠪᠠᠶᠢᠬᠤ ᠶᠢ ᠪᠠᠳᠤᠯᠠᠨ᠎ᠠ︔ ᠠᠵᠦ ᠠᠬᠤᠢ ᠶᠢᠨ ᠬᠦᠭᠵᠢᠯᠳᠠ ᠶᠢᠨ ᠶᠠᠰᠦ ᠴᠢᠨᠠᠷ ᠪᠠ ᠦᠷ᠎ᠠ ᠠᠰᠢᠭ ᠢ ᠲᠡᠭᠡᠭᠰᠢᠯᠡᠭᠦᠯᠬᠦ ᠪᠠᠷ ᠭᠤᠤᠯ ᠪᠤᠯᠭᠠᠵᠦ᠂ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠪᠠ ᠠᠵᠦ ᠠᠬᠤᠢ ᠶᠢᠨ ᠪᠦᠲᠦᠴᠡ ᠶᠢ ᠲᠤᠬᠢᠷᠠᠭᠤᠯᠬᠤ ᠶᠢ ᠠᠬᠢᠭᠤᠯᠤᠨ᠎ᠠ︔ ᠦᠭᠡᠷᠡᠴᠢᠯᠠᠯᠳᠠ ᠬᠢᠬᠦ ᠪᠠ ᠰᠢᠨ᠎ᠠ ᠶᠢ ᠡᠭᠦᠳᠭᠦ ᠪᠠᠷ ᠬᠦᠳᠡᠯᠭᠡᠭᠴᠢ ᠬᠦᠴᠦᠨ ᠪᠣᠯᠭᠠᠨ ᠬᠦᠭᠵᠢᠬᠦ ᠶᠢ ᠪᠠᠷᠢᠮᠳᠠᠯᠠᠵᠦ᠂ ᠠᠵᠦ ᠠᠬᠤᠢ ᠶᠢᠨ ᠬᠦᠭᠵᠢᠯᠳᠠ ᠶᠢᠨ ᠠᠮᠢᠵᠢᠷᠠᠯ ᠤᠨ ᠬᠦᠴᠦᠨ ᠪᠠ ᠬᠦᠳᠡᠯᠭᠡᠭᠦ ᠬᠦᠴᠦᠨ ᠢ ᠦᠨᠡᠨᠬᠦ ᠴᠢᠩᠭᠠᠳᠬᠠᠨ᠎ᠠ︔ ᠠᠷᠠᠳ ᠤᠨ ᠠᠮᠢᠳᠤᠷᠠᠯ ᠤᠨ ᠪᠠᠳᠤᠯᠠᠪᠣᠷᠢ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠨᠡᠩ ᠠᠩᠬᠠᠷᠴᠣ᠂ ᠨᠡᠶᠢᠭᠡᠮ ᠤᠨ ᠡᠶ᠎ᠡ ᠵᠤᠬᠢᠴᠡᠩᠭᠤᠢ ᠲᠤᠬᠳᠠᠭᠤᠨ ᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号