2014 ᠤᠨ ᠳᠤ ᠪᠦᠬᠦ ᠤᠷᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠶᠡᠷᠦᠩᠭᠡᠢ ᠡᠳ᠋ ᠤᠨ ᠬᠦᠴᠦᠨ 4269 ᠭᠠᠷᠣᠢ ᠳ᠋ᠦᠡᠭᠰᠢᠭᠤᠷ ᠲᠦᠭᠦᠷᠢᠭ ᠪᠣᠯᠪᠠ
ᠨᠡᠶᠢᠲᠡᠯᠡᠭᠰᠡᠨ ᠴᠠᠭ᠄
2015-01-29
      2014 ᠤᠨ ᠳᠤ᠂ ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ ᠦᠭᠭᠦᠭᠰᠡᠨ ᠡᠯ᠎ᠡ ᠵᠦᠢᠯ ᠤᠨ ᠨᠦᠬᠦᠪᠦᠷᠢ ᠤᠷᠤᠯᠭ᠎ᠠ 1871.5 ᠳ᠋ᠦᠡᠭᠰᠢᠭᠤᠷ ᠲᠦᠭᠦᠷᠢᠭ᠂ ᠲᠡᠭᠡᠷ᠎ᠡ ᠵᠢᠯ ᠤᠨ ᠬᠢ ᠠᠴᠠ 91.4 ᠳ᠋ᠦᠡᠭᠰᠢᠭᠤᠷ ᠲᠦᠭᠦᠷᠢᠭ ᠨᠡᠮᠡᠭᠳᠡᠵᠦ᠂ 5.1% ᠨᠡᠮᠡᠭᠳᠡᠪᠡ᠃ ᠲᠦᠪ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠢᠯᠵᠢᠭᠦᠯᠦᠨ ᠦᠭᠭᠦᠭᠰᠡᠨ ᠵᠤᠭᠤᠰ ᠢ ᠬᠤᠪᠢᠶᠠᠷᠯᠠᠬᠤ ᠠᠷᠭ᠎ᠠ ᠶᠤᠰᠤᠭᠠᠷ᠂ 2014 ᠤᠨ ᠳᠤ ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ 1673 ᠳ᠋ᠦᠡᠭᠰᠢᠭᠤᠷ ᠲᠦᠭᠦᠷᠢᠭ ᠤᠨ ᠨᠦᠭᠦᠪᠦᠷᠢ ᠤᠷᠤᠯᠭ᠎ᠠ ᠶᠢ ᠠᠶᠢᠮᠠᠭ ᠬᠤᠳᠠ ᠳᠤ ᠪᠠᠭᠤᠯᠭᠠᠵᠦ᠂ ᠲᠡᠭᠡᠷ᠎ᠡ ᠵᠢᠯ ᠤᠨ ᠬᠢ ᠠᠴᠠ 36.7 ᠳ᠋ᠦᠡᠭᠰᠢᠭᠤᠷ ᠲᠦᠭᠦᠷᠢᠭ ᠨᠡᠮᠡᠭᠳᠡᠵᠦ᠂ 2.2% ᠨᠡᠮᠡᠭᠳᠡᠪᠡ᠃ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ᠂ ᠲᠦᠪ ᠤᠨ ᠨᠦᠭᠦᠪᠦᠷᠢ ᠤᠷᠤᠯᠭ᠎ᠠ᠂ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠳᠤ ᠶᠢᠨ ᠤᠷᠤᠯᠭ᠎ᠠ᠂ ᠲᠡᠭᠡᠷ᠎ᠡ ᠵᠢᠯ ᠤᠨ ᠦᠯᠡᠳᠡᠪᠤᠷᠢ ᠤᠷᠤᠯᠭ᠎ᠠ᠂ ᠰᠢᠯᠵᠢᠭᠦᠯᠦᠨ ᠤᠷᠤᠭᠤᠯᠤᠬᠰᠠᠨ ᠤᠷᠤᠯᠭ᠎ᠠ ᠵᠢᠴᠢ ᠲᠦᠪ ᠲᠤ ᠲᠤᠰᠢᠶᠠᠬᠰᠠᠨ ᠵᠠᠷᠤᠯᠭ᠎ᠠ ᠵᠡᠷᠭᠡ ᠶᠢ ᠬᠤᠷᠢᠶᠠᠩᠭᠤᠢᠢᠯᠠᠪᠠᠯ᠂ 2014 ᠤᠨ ᠳᠤ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠶᠡᠷᠦᠩᠭᠡᠢ ᠡᠳ᠋ ᠤᠨ ᠬᠦᠴᠦᠨ 4269.8 ᠳ᠋ᠦᠡᠭᠰᠢᠭᠤᠷ ᠲᠦᠭᠦᠷᠢᠭ ᠲᠤ ᠬᠦᠷᠴᠤ᠂ ᠲᠠᠬᠢᠨᠳᠠ 4000 ᠳ᠋ᠦᠡᠭᠰᠢᠭᠤᠷ ᠲᠦᠭᠦᠷᠢᠭ ᠤᠨ ᠶᠡᠭᠡ ᠪᠤᠭᠤᠮᠳᠠ ᠶᠢ ᠲᠠᠪᠠᠵᠦ᠂ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ 3884.2 ᠳ᠋ᠦᠡᠭᠰᠢᠭᠤᠷ ᠲᠦᠭᠦᠷᠢᠭ ᠲᠤ ᠬᠦᠷᠴᠠᠢ᠃      1 ᠰᠠᠷ᠎ᠠ ᠶᠢᠨ 26᠎ ᠤ ᠡᠳᠦᠷ ᠬᠤᠷᠠᠯᠳᠤᠬᠰᠠᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠡᠷ᠎ᠡ᠂  ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ 2014 ᠤᠨ ᠤ ᠲᠦᠰᠦᠪ ᠢ ᠬᠦᠢᠴᠡᠳᠭᠡᠭᠰᠡᠨ ᠪᠠᠶᠢᠳᠠᠯ ᠪᠠ 2015 ᠤᠨ ᠤ ᠲᠦᠰᠦᠪ ᠤᠨ ᠲᠦᠰᠦᠯ ᠤᠨ ᠲᠤᠬᠠᠢ ᠮᠡᠳᠡᠭᠦᠯᠦᠯᠳᠡ ᠶᠢ ᠲᠠᠷᠤᠮᠠᠯᠯᠠᠨ ᠪᠦᠬᠦ ᠲᠦᠯᠦᠭᠡᠯᠡᠭᠴᠢ ᠲᠤ ᠳᠠᠷᠬᠠᠭᠠᠵᠣ ᠬᠢᠨᠠᠨ ᠵᠦᠪᠯᠡᠭᠦᠯᠵᠡᠢ᠃      2014 ᠤᠨ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠶᠡᠷᠦᠩᠭᠡᠢ ᠱᠦᠵᠢ ᠰᠢ ᠵᠢᠩ ᠫᠢᠡᠭ ᠤᠨ ᠴᠢᠬᠤᠯᠠ ᠶᠠᠷᠢᠶ᠎ᠠ ᠨᠤᠭᠤᠳ ᠪᠠ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ︽8337︾ ᠬᠦᠭᠵᠢᠯᠳᠠ ᠶᠢᠨ ᠰᠡᠳᠭᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠬᠤᠯᠪᠤᠬᠳᠠᠯ ᠪᠦᠬᠦᠢ ᠲᠤᠬᠳᠠᠭᠠᠯ ᠪᠠ ᠰᠢᠢᠳᠪᠤᠷᠢ ᠶᠢ ᠴᠢᠩᠭ᠎ᠠ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠵᠤᠬᠢᠴᠠᠵᠦ᠂ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠨᠡᠮᠡᠭᠳᠡᠯ ᠢ ᠲᠤᠬᠳᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠦᠭᠡᠷᠡᠴᠢᠯᠠᠯᠳᠠ ᠶᠢ ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠭᠦ ᠪᠠᠷ ᠬᠦᠴᠦᠯᠡᠨ ᠴᠢᠷᠮᠠᠶᠢᠵᠦ᠂ ᠡᠳ᠋ ᠤᠨ ᠵᠠᠰᠠᠬ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠠᠭᠦᠯᠵᠤ᠂ ᠠᠵᠦ ᠠᠬᠤᠢ ᠶᠢᠨ ᠲᠤᠷᠤᠬᠰᠢᠯᠠᠬᠤ ᠲᠠᠷᠤᠭᠠᠰᠤ ᠶᠢ ᠪᠦᠲᠦᠮᠵᠢᠳᠠᠢ ᠠᠷᠭᠠᠴᠠᠵᠦ᠂ 2014 ᠤᠨ ᠤ ᠲᠤᠬᠳᠠᠭᠠᠬᠰᠠᠨ ᠡᠭᠦᠷᠭᠡ ᠪᠠ ᠬᠠᠷᠠᠯᠳᠠ ᠪᠠᠨ ᠴᠢᠷᠮᠠᠶᠢᠨ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠶᠢᠨ ᠦᠷᠭᠦᠯᠵᠢᠯᠡᠨ ᠲᠤᠬᠳᠠᠭᠤᠨ ᠢᠶᠠᠷ ᠬᠦᠭᠵᠢᠬᠦ ᠶᠢ ᠠᠬᠢᠭᠤᠯᠪᠠ᠃      2014 ᠤᠨ ᠳᠤ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠬᠢᠨᠠᠨ ᠵᠦᠪᠰᠢᠶᠡᠷᠡᠭᠰᠡᠨ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠪᠤᠯ 1840 ᠳ᠋ᠦᠡᠭᠰᠢᠭᠤᠷ ᠲᠦᠭᠦᠷᠢᠭ ᠪᠤᠯᠤᠨ᠎ᠠ᠃ 2014 ᠤᠨ ᠤ 12 ᠰᠠᠷ᠎ᠠ ᠶᠢᠨ 31᠎ ᠤ ᠡᠳᠦᠷ ᠤᠨ ᠪᠦᠷᠢᠳᠭᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠦᠬᠦ ᠵᠢᠯ ᠤᠨ ᠪᠤᠳᠠᠳᠠᠢ ᠤᠷᠤᠯᠭ᠎ᠠ 1843.2 ᠳ᠋ᠦᠡᠭᠰᠢᠭᠤᠷ ᠲᠦᠭᠦᠷᠢᠭ ᠲᠤ ᠬᠦᠷᠴᠦ᠂ ᠤᠨ ᠤ ᠲᠦᠰᠦᠪ ᠢᠶᠠᠨ 100.2 %᠎ ᠢᠶᠠᠷ ᠪᠡᠶᠡᠯᠡᠭᠦᠯᠵᠦ᠂ ᠲᠡᠭᠡᠷ᠎ᠡ ᠵᠢᠯ ᠤᠨ ᠬᠢ ᠠᠴᠠ ᠪᠠᠨ 122.2 ᠳ᠋ᠦᠡᠭᠰᠢᠭᠤᠷ ᠲᠦᠭᠦᠷᠢᠭ ᠨᠡᠮᠡᠭᠳᠡᠵᠤ᠂ 7.1% ᠨᠡᠮᠡᠭᠳᠡᠪᠡ᠃      ᠪᠦᠬᠦ ᠤᠷᠤᠨ ᠤ ᠠᠵᠦ ᠠᠬᠤᠢ ᠶᠢᠨ ᠨᠡᠮᠡᠭᠳᠡᠯ ᠤᠨ ᠵᠢᠱᠢᠯᠳᠠ ᠪᠠ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠬᠠᠰᠤᠭᠳᠠᠯ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢᠨ ᠪᠠᠶᠢᠳᠠᠯ ᠢ ᠦᠨᠳᠦᠰᠦᠯᠡᠨ᠂ 2015 ᠤᠨ ᠳᠤ᠂ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ 1953 ᠳ᠋ᠦᠡᠭᠰᠢᠭᠤᠷ ᠲᠦᠭᠦᠷᠢᠭ ᠢᠶᠠᠷ ᠲᠤᠬᠢᠷᠠᠭᠤᠯᠵᠦ᠂ 2014 ᠤᠨ ᠤ ᠪᠤᠳᠠᠳᠠᠢ ᠪᠡᠶᠡᠯᠡᠭᠦᠯᠦᠭᠰᠡᠨ ᠬᠡᠮᠵᠢᠶ᠎ᠡ ᠠᠴᠠ 110 ᠳ᠋ᠦᠡᠭᠰᠢᠭᠤᠷ ᠲᠦᠭᠦᠷᠢᠭ ᠨᠡᠮᠡᠭᠳᠡᠭᠦᠯᠵᠦ᠂ 6% ᠨᠡᠮᠡᠭᠳᠡᠭᠦᠯᠪᠡ︔ ᠪᠦᠬᠦ ᠤᠷᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ 4120 ᠳ᠋ᠦᠡᠭᠰᠢᠭᠤᠷ ᠲᠦᠭᠦᠷᠢᠭ ᠢᠶᠠᠷ ᠲᠤᠬᠢᠷᠠᠭᠤᠯᠵᠦ ᠂ 2014 ᠤᠨ ᠤ ᠪᠤᠳᠠᠳᠠᠢ ᠵᠠᠷᠤᠯᠭ᠎ᠠ ᠠᠴᠠ 236 ᠳ᠋ᠦᠡᠭᠰᠢᠭᠤᠷ ᠲᠦᠭᠦᠷᠢᠭ ᠨᠡᠮᠡᠭᠳᠡᠭᠦᠯᠵᠤ᠂ 6% ᠨᠡᠮᠡᠭᠳᠡᠭᠦᠯᠬᠦ ᠎ ᠪᠠᠷ ᠲᠤᠭᠲᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号