ᠳᠡᠳ᠋ ᠲᠡᠷᠢᠭᠦᠯᠡᠭᠴᠢ    ᠵᠠᠩ ᠵᠢᠶᠠᠨ ᠮᠢᠨ
ᠨᠡᠶᠢᠲᠡᠯᠡᠭᠰᠡᠨ ᠴᠠᠭ᠄
2015-01-29
                      ᠪᠠᠶᠢᠩᠭᠤ ᠶᠢᠨ ᠳᠡᠳ᠋ ᠲᠡᠷᠢᠭᠦᠯᠡᠭᠴᠢ    ᠵᠠᠩ ᠵᠢᠶᠠᠨ ᠮᠢᠨ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠡᠷᠢᠭᠦᠯᠡᠭᠴᠢ ᠶᠢ ᠬᠠᠪᠰᠤᠷᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ᠂ ᠬᠠᠤᠯᠢ ᠳᠦᠷᠢᠮ᠂ ᠪᠠᠶᠢᠭᠤᠯᠭ᠎ᠠ ᠶᠢᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠤᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭᠠᠨ ᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠲᠦᠷᠢᠮ ᠤᠨ ᠠᠯᠪᠠᠨ ᠭᠡᠷ᠂ ᠵᠠᠰᠠᠭ ᠤᠨ ᠣᠷᠳᠣᠨ ᠤ ᠰᠤᠳᠤᠯᠬᠤ ᠭᠡᠷ ︵ᠵᠥᠪᠳᠡᠭᠴᠢ ᠶᠢᠨ ᠭᠡᠷ︶᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠳᠤ ᠰᠠᠭᠤᠭ᠎ᠠ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠬᠡᠷᠡᠭ ᠡᠷᠬᠢᠯᠡᠬᠦ ᠭᠠᠵᠠᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠶ ᠠᠩᠭᠢ᠂ ᠳᠤᠮᠳᠠᠳᠤ ᠤᠯᠤᠰ ᠤᠨ ᠨᠥᠭᠡᠴᠡᠯᠡᠯ ᠠᠮᠤ ᠶᠢᠨ ᠬᠠᠮᠢᠶᠠᠷᠤᠯᠲᠠ ᠶᠢᠨ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠃ ᠲᠣᠪᠴᠢ ᠲᠠᠨᠢᠯᠴᠠᠭᠤᠯᠭ᠎ᠠ᠄      ᠵᠠᠩ ᠵᠢᠶᠠᠨ ᠮᠢᠨ᠂ ᠡᠷᠡᠭᠳᠡᠢ᠂ ᠬᠢᠳᠠᠳ ᠦᠨᠳᠦᠰᠦᠳᠡᠨ᠂ 1964 ᠣᠨ ᠤ 9 ᠳ᠋ᠤᠭᠡᠷ ᠰᠠᠷ᠎ᠠ ᠳᠤ ᠲᠦᠷᠦᠵᠡᠢ᠂ ᠾᠧᠪᠸᠢ ᠮᠤᠵᠢ ᠶᠢᠨ ᠯᠤᠸᠠᠨ ᠰᠢᠶᠠᠨ ᠤ ᠬᠦᠮᠦᠨ᠃ 1995 ᠣᠨ ᠤ 6 ᠳ᠋ᠤᠭᠠᠷ ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ 1985 ᠣᠨ ᠤ 7 ᠳ᠋ᠤᠭᠠᠷ ᠰᠠᠷ᠎ᠠ ᠳᠤ ᠠᠵᠢᠯ ᠳᠤ ᠤᠷᠤᠯᠴᠠᠪᠡ᠃ ᠰᠤᠳᠤᠯᠬᠤ ᠰᠤᠷᠤᠬᠴᠢ ᠶᠢᠨ ᠰᠤᠷᠤᠯᠭ᠎ᠠ ᠶᠢᠨ ᠨᠠᠮᠳᠠᠷ ᠲᠠᠢ᠂ ᠠᠵᠤ ᠠᠬᠤᠢ ᠶᠢᠨ ᠤᠬᠠᠭᠠᠨ ᠤ ᠳ᠋ᠤᠺᠲ᠋ᠤᠷ ᠴᠤᠯᠠ ᠲᠠᠢ᠂ ᠫᠷᠤᠹᠧᠰᠰᠤᠷ ᠤᠨ ᠲᠡᠰ ᠤᠨ ᠲᠡᠭᠡᠳᠦ ᠲᠡᠰ ᠤᠨ ᠢᠨᠵᠧᠨᠧᠷ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠳᠡᠳ᠋ ᠱᠦᠵᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ ᠪᠤᠢ᠃      1981.09 — 1985.07 ᠲᠠᠶᠢᠶᠤᠸᠠᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠵᠤ ᠦᠢᠯᠡᠳᠪᠦᠷᠢ ᠬᠢᠭᠡᠳ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ      1985.07 — 1987.09 ᠲᠠᠶᠢᠶᠤᠸᠠᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠪᠦᠳᠦᠴᠡ ᠶᠢᠨ ᠰᠤᠳᠤᠯᠭᠠᠨ ᠤ ᠭᠠᠵᠠᠷ ᠤᠨ ᠲᠤᠰᠠᠯᠠᠬᠴᠢ ᠪᠠᠭᠰᠢ ᠪᠠᠶᠢᠪᠠ      1987.09 — 1990.06 ᠲᠠᠶᠢᠶᠤᠸᠠᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠦᠳᠦᠴᠡ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠠᠰᠫᠢᠷᠠᠨᠲ ᠪᠠᠶᠢᠪᠠ      1990.06 — 1993.04 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠤᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠰᠢᠷᠤᠢ ᠮᠤᠳᠤᠨ ᠤ ᠪᠠᠷᠢᠯᠭ᠎ᠠ ᠶᠢᠨ ᠭᠠᠵᠠᠷ ᠤᠨ ᠢᠨᠵᠧᠨᠧᠷ᠂ ᠲᠠᠰᠤᠭ ᠤᠨ ᠡᠷᠬᠢᠯᠡᠭᠴᠢ ᠪᠠᠶᠢᠪᠠ      1993.04 — 1995.01 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠣᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠪᠠᠷᠢᠯᠭ᠎ᠠ ᠶᠢᠨ ᠭᠠᠵᠠᠷ ᠤᠨ ᠲᠡᠳ᠋ ᠲᠠᠷᠤᠭ᠎ᠠ ᠪᠠᠶᠢᠪᠠ      1995.01 — 1997.07 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠣᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠪᠠᠷᠢᠯᠭ᠎ᠠ ᠶᠢᠨ ᠭᠠᠵᠠᠷ ᠤᠨ ᠲᠠᠷᠤᠭ᠎ᠠ ᠪᠠᠶᠢᠪᠠ      1997.07 — 1997.12 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠤᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠲᠠᠷᠤᠭ᠎ᠠ ᠶᠢᠨ ᠲᠤᠰᠠᠯᠠᠬᠴᠢ ᠪᠠᠶᠢᠪᠠ      1997.12 — 2000.09 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠣᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠲᠡᠳ᠋ ᠲᠠᠷᠤᠭ᠎ᠠ᠂ ᠨᠠᠮ ᠤᠨ ᠬᠤᠷᠢᠶ᠎ᠠ ᠶᠢᠨ ᠬᠡᠰᠢᠭᠦᠨ ︵ᠡᠭᠦᠨ ᠳᠤ 2000 ᠣᠨ ᠤ 5 — 9 ᠳ᠋ᠤᠭᠡᠷ ᠰᠠᠷ᠎ᠠ ᠳᠤ ᠪᠦᠬᠦ ᠳᠠᠯ᠎ᠠ ᠶᠢᠨ ᠠᠵᠢᠯ ᠢ ᠡᠷᠬᠢᠯᠡᠪᠡ︶ ᠪᠠᠶᠢᠪᠠ      2000.09 — 2003.04 ᠨᠡᠭᠦᠷᠡᠰᠦᠨ ᠤ ᠠᠵᠤ ᠦᠢᠯᠡᠳᠪᠦᠷᠢ ᠶᠢᠨ ᠶᠠᠮᠣᠨ ᠤ ᠲᠠᠶᠢᠶᠤᠸᠠᠨ  ᠎ ᠳᠠᠬᠢ ᠨᠡᠭᠦᠷᠡᠰᠦᠨ ᠠᠭᠤᠷᠬᠠᠢ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠲᠡᠳ᠋ ᠲᠠᠷᠤᠭ᠎ᠠ᠂ ᠨᠠᠮ ᠤᠨ ᠬᠤᠷᠢᠶ᠎ᠠ ᠶᠢᠨ ᠲᠡᠳ᠋ ᠱᠦᠵᠢ ︵ᠡᠨᠡ ᠬᠤᠭᠤᠴᠠᠭᠠᠨ ᠳᠤ᠄ 2002.03 — 2002.07 ᠲᠦᠪ ᠤᠨ ᠨᠠᠮ ᠤᠨ ᠰᠤᠷᠭᠠᠭᠤᠯᠢ ᠶᠢᠨ ᠲᠠᠪᠳᠠᠨ ᠪᠤᠯᠪᠠᠰᠤᠷᠠᠬᠤ ᠠᠩᠬᠢ ᠳᠤ ᠰᠤᠷᠤᠯᠴᠠᠪᠠ︶ ᠪᠠᠶᠢᠪᠠ      2003.04 — 2006.11 ᠱᠠᠨ ᠰᠢ ᠮᠤᠵᠢ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠲᠠᠷᠤᠭ᠎ᠠ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠠᠶᠢᠪᠠ      2006.11 — 2008.01 ᠱᠠᠨ ᠰᠢ ᠮᠤᠵᠢ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ᠂ ᠮᠤᠵᠢ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠮᠤᠵᠢ ᠶᠢᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠠᠶᠢᠪᠠ      2008.01 — 2008.09 ᠱᠠᠨ ᠰᠢ ᠮᠤᠵᠢ ᠶᠢᠨ ᠲᠡᠳ᠋ ᠲᠠᠷᠤᠭ᠎ᠠ᠂ ᠮᠤᠵᠢ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠪᠠᠶᠢᠪᠠ      2008.09 — 2010.03 ᠱᠠᠨ ᠰᠢ ᠮᠤᠵᠢ ᠶᠢᠨ ᠲᠡᠳ᠋ ᠮᠣᠵᠢ ᠶᠢᠨ ᠲᠠᠷᠤᠭ᠎ᠠ ᠶᠢᠨ ᠲᠡᠰ ᠤᠨ ᠺᠠᠳ᠋ᠷ ᠪᠠᠶᠢᠪᠠ      2010.03 — 2015.04 ᠬᠦᠬᠡᠨᠠᠭᠤᠷ ᠮᠤᠵᠢ ᠶᠢᠨ ᠲᠡᠳ᠋ ᠲᠠᠷᠤᠭ᠎ᠠ᠂ ᠮᠤᠵᠢ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ︵2004.07 —   2012.06 ᠠᠵᠢᠯ ᠤᠨ ᠪᠠᠶᠢᠷᠢ ᠳᠡᠭᠡᠷ᠎ᠡ ᠪᠠᠨ ᠬᠢᠷᠢᠨ ᠶᠡᠭᠡ ᠰᠤᠷᠭᠠᠭᠤᠯᠢ ᠶᠢᠨ ᠵᠡᠭᠦᠨ ᠬᠤᠶᠢᠳᠦ ᠠᠽᠢᠶ᠎ᠠ ᠶᠢᠨ ᠰᠤᠳᠤᠯᠭᠠᠨ ᠤ ᠬᠦᠷᠢᠶᠡᠯᠡᠩ ᠤᠨ ᠲᠡᠯᠡᠭᠡᠢ ᠶᠢᠨ ᠠᠵᠤ ᠠᠬᠤᠢ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠵᠤ᠂ ᠠᠵᠤ ᠠᠬᠤᠢ ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠵᠠᠢ︶ ᠪᠠᠶᠢᠪᠠ      2015.04 — 2016.10 ᠬᠦᠬᠡᠨᠠᠭᠤᠷ ᠮᠤᠵᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠮᠤᠵᠢ ᠶᠢᠨ ᠲᠡᠳ᠋ ᠲᠠᠷᠤᠭ᠎ᠠ᠂ ᠮᠤᠵᠢ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠪᠠᠶᠢᠪᠠ      2016.10 — 2016.11 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ ᠪᠠᠶᠢᠪᠠ      2016.11 — ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠎ ᠤᠨ ᠤᠳᠤᠷᠢᠳᠬᠤ ᠲᠤᠭᠤᠢᠢᠯᠠᠩ ᠤᠨ ᠲᠡᠳ᠋ ᠱᠦᠵᠢ᠂ ᠦᠪᠦᠷ ᠮᠤᠩᠭᠤᠯ ᠤᠨ ᠵᠠᠰᠠᠭ ᠵᠠᠬᠢᠷᠭᠠᠨ ᠤ ᠲᠡᠭᠡᠳᠦ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠳᠤ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号