ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵119 ᠭᠠᠯ ᠲᠦᠢᠮᠡᠷ ᠤᠨ ᠮᠡᠳᠡᠭᠡ ᠶᠢᠨ ᠳ᠋ᠢᠩᠬᠤᠸᠠ ᠶᠢᠨ ᠬᠡᠰᠡᠭ︶
ᠨᠡᠶᠢᠲᠡᠯᠡᠭᠰᠡᠨ ᠴᠠᠭ᠄
2015/1/29

     ᠭᠠᠯ ᠤᠨ ᠠᠶᠤᠯ ᠭᠠᠷᠤᠭᠰᠠᠨ ᠢ ᠣᠯᠵᠤ ᠮᠡᠳᠡᠪᠡᠯ ᠲᠦᠷᠭᠡᠬᠡᠨ 119 ᠶᠢ ᠨᠣᠮᠧᠷᠳᠡᠨ᠎ᠡ᠃ ᠭᠠᠯ ᠤᠨ ᠠᠶᠤᠯ ᠠᠴᠠ ᠭᠠᠳᠠᠨ᠎ᠠ᠂ ︽119︾ ᠪᠠᠰᠠ ᠪᠤᠰᠤᠳ ᠠᠳᠡᠯ ᠤᠨ ᠭᠠᠮᠰᠢᠭ ᠤᠨ ᠠᠶᠤᠯ ᠠᠴᠠ ᠠᠪᠤᠷᠠᠵᠦ ᠲᠤᠰᠠᠯᠠᠬᠤ ᠠᠵᠢᠯ ᠳᠤ ᠣᠷᠣᠯᠴᠠᠨ᠎ᠠ᠂ ᠵᠢᠱᠢᠶᠡᠯᠡᠪᠡᠯ ᠭᠠᠵᠠᠷ ᠬᠦᠳᠡᠯᠦᠯᠲᠡ᠂ ᠦᠶᠡᠷ ᠤᠨ ᠭᠠᠮᠰᠢᠭ᠂ ᠨᠢᠰᠬᠡᠯ ᠤᠨ ᠠᠳᠡᠯ᠂ ᠪᠠᠷᠢᠯᠭ᠎ᠠ ᠨᠤᠷᠠᠬᠤ᠂ ᠠᠶᠤᠯ ᠲᠠᠢ ᠬᠢᠮᠢ ᠶᠢᠨ ᠡᠳ᠋ ᠭᠤᠭᠤᠵᠢᠬᠤ᠂ ᠵᠢᠴᠢ ᠣᠯᠠᠨ ᠲᠦᠮᠡᠨ ᠤ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠪᠤᠰᠤᠳ ᠲᠦᠭᠰᠢᠭᠦᠷᠢᠲᠦ ᠪᠠᠶᠢᠳᠠᠯ᠃
     ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ
     ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃
     ︵2︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃
     ︵3︶ ᠭᠠᠯ ᠲᠦᠢᠮᠡᠷ ᠤᠨ ᠰᠢᠯᠲᠠᠭᠠᠨ ᠢᠶᠠᠨ ᠲᠣᠳᠣᠷᠬᠠᠶᠢᠯᠠᠨ᠎ᠠ᠃ 119 ᠭᠠᠯ ᠲᠦᠢᠮᠡᠷ ᠤᠨ ᠮᠡᠳᠡᠭᠡ ᠶᠢᠨ ᠳ᠋ᠢᠶᠠᠩᠬᠤᠸᠠ ᠶᠢ ᠨᠣᠮᠧᠷᠳᠠᠬᠤ ᠳᠤ ᠭᠠᠯ ᠭᠠᠷᠤᠭᠰᠠᠨ ᠰᠢᠯᠲᠠᠭᠠᠨ ᠵᠢᠱᠢᠶᠡᠯᠡᠪᠡᠯ ᠴᠠᠬᠢᠯᠭᠠᠨ ᠬᠡᠯᠬᠢᠶ᠎ᠡ ᠠᠴᠠ ᠭᠠᠯ ᠭᠠᠷᠤᠭᠰᠠᠨ᠂ ᠨᠡᠭᠦᠷᠡᠰᠦᠨ ᠬᠡᠢ ᠠᠴᠠ ᠭᠠᠯ ᠭᠠᠷᠤᠭᠰᠠᠨ᠂ ᠴᠢᠶ᠋ᠢᠦ ᠲᠣᠰᠤᠨ ᠠᠴᠠ ᠭᠠᠯ ᠭᠠᠷᠤᠭᠰᠠᠨ᠂ ᠡᠰᠡᠬᠦᠯ᠎ᠡ ᠪᠤᠰᠤᠳ ᠰᠢᠯᠲᠠᠭᠠᠨ ᠠᠴᠠ ᠪᠣᠯᠵᠦ ᠡᠭᠦᠰᠥᠭᠰᠡᠨ ᠭᠠᠯ ᠤᠨ ᠠᠶᠤᠯ ᠭᠡᠳᠡᠭ ᠢ ᠣᠨᠴᠠᠭᠠᠶᠢᠯᠠᠨ ᠲᠣᠳᠣᠷᠬᠠᠶᠢᠯᠠᠵᠦ᠂ ᠭᠠᠯ ᠤᠨᠲᠠᠷᠠᠭᠠᠭᠴᠢᠳ ᠤᠨ ᠵᠣᠬᠢᠴᠠᠩᠭᠤᠢ ᠭᠠᠯ ᠤᠨᠲᠠᠷᠠᠭᠠᠬᠤ ᠲᠣᠨᠤᠭ ᠲᠥᠬᠦᠭᠡᠷᠥᠮᠵᠢ ᠪᠠ ᠡᠳ᠋ ᠪᠠᠷᠠᠭ᠎ᠠ ᠠᠪᠴᠤ ᠶᠠᠪᠤᠬᠤ ᠳᠤ ᠳᠥᠭᠦᠮ ᠦᠵᠡᠭᠦᠯᠬᠦ ᠬᠡᠷᠡᠭᠲᠡᠢ᠃
     ︵4︶ ᠣᠪᠣᠭ ᠨᠡᠷ᠎ᠡ ᠪᠠᠨ ᠦᠯᠡᠳᠡᠭᠡᠨ᠎ᠡ᠃
     ︵5︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃


ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ