ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵120 ᠡᠮᠴᠢᠯᠡᠭᠡᠨ ᠤ ᠲᠥᠷᠭᠡᠨ ᠠᠪᠤᠷᠠᠬᠤ ᠳ᠋ᠢᠶᠠᠩᠬᠤᠸᠠ ᠶᠢᠨ ᠬᠠᠭᠤᠳᠠᠰᠤ︶
ᠨᠡᠶᠢᠲᠡᠯᠡᠭᠰᠡᠨ ᠴᠠᠭ᠄
2015/1/29

     120 ᠪᠣᠯ ᠡᠮᠴᠢᠯᠡᠭᠡᠨ ᠤ ᠲᠥᠷᠭᠡᠨ ᠠᠪᠤᠷᠠᠬᠤ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠣᠯᠤᠨ᠎ᠠ᠂ ᠳᠡᠷᠭᠡᠳᠡᠬᠢ ᠬᠥᠮᠦᠨ ᠴᠢᠨᠢ ᠭᠡᠨᠡᠳᠲᠡ ᠡᠪᠡᠳᠴᠢᠨ ᠬᠥᠳᠡᠯᠥᠭᠰᠡᠨ ᠪᠣᠶᠤ ᠰᠠᠨᠠᠭᠠᠨ ᠳᠤ ᠦᠭᠡᠢ ᠭᠡᠮᠳᠥᠪᠡᠯ ᠴᠠᠭ ᠲᠤᠬᠠᠢ ᠳᠤᠨᠢ ᠤᠳᠠᠰᠤᠲᠠᠬᠤ ᠬᠡᠷᠡᠭᠲᠡᠢ᠃

     ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ
      ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃
      ︵2︶ ᠭᠠᠵᠠᠷ ᠢᠶᠠᠨ ᠲᠣᠳᠤᠷᠬᠠᠢ ᠬᠡᠯᠡᠵᠦ ᠦᠭᠭᠦᠨ᠎ᠡ᠃
      ︵3︶ ᠡᠪᠡᠳᠴᠢᠨ ᠤ ᠪᠠᠶᠢᠳᠠᠯ ᠢ ᠨᠢ ᠲᠣᠳᠣᠷᠬᠠᠢ ᠬᠡᠯᠡᠵᠦ ᠦᠭᠭᠦᠨ᠎ᠡ᠃ ᠡᠪᠡᠳᠴᠢᠲᠡᠨ ᠤ ᠨᠠᠰᠤ ᠵᠢᠯ᠂ ᠬᠦᠢᠰᠦ ᠢᠯᠭᠠᠯ᠂ ᠡᠪᠡᠳᠴᠢᠯᠡᠭᠰᠡᠨ ᠴᠠᠭ ᠬᠤᠭᠤᠴᠠᠭ᠎ᠠ ᠪᠠ ᠡᠪᠡᠳᠴᠢᠨ ᠤ ᠨᠡᠶᠢᠲᠡᠯᠢᠭ ᠢᠯᠡᠷᠡᠯ ᠵᠢᠱᠢᠶᠡᠯᠡᠪᠡᠯ ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠪᠥᠭᠡᠯᠵᠢᠭᠡᠳ ᠵᠣᠭᠰᠤᠬᠤ ᠦᠭᠡᠢ ᠪᠠᠶᠢᠬᠤ᠂ ᠠᠮᠢᠰᠬᠤᠯ ᠴᠢᠬᠤᠯᠳᠠᠵᠦ ᠪᠠᠶᠢᠭ᠎ᠠ ᠵᠡᠷᠭᠡ ᠶᠢ ᠲᠣᠳᠤᠷᠬᠠᠢ ᠬᠡᠯᠡᠵᠦ ᠦᠭᠬᠦ ᠬᠡᠷᠡᠭᠲᠡᠢ᠃ ᠰᠠᠨᠠᠭᠠᠨ ᠳᠤ ᠦᠭᠡᠢ ᠭᠡᠮᠲᠥᠭᠰᠡᠨ ᠪᠣᠯ ᠰᠢᠷᠠᠭᠲᠤᠭᠰᠠᠨ ᠰᠢᠯᠲᠠᠭᠠᠨ ᠢ ᠨᠢ ᠲᠣᠳᠣᠷᠬᠠᠢ ᠬᠡᠯᠡᠵᠦ ᠦᠭᠬᠦ ᠬᠡᠷᠡᠭᠲᠡᠢ᠂ ᠵᠢᠱᠢᠶᠡᠯᠡᠪᠡᠯ ᠴᠠᠬᠢᠯᠭᠠᠨ ᠳᠤ ᠴᠤᠬᠢᠭᠳᠠᠭᠰᠠᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ ᠵᠡᠷᠭᠡ ᠰᠢᠷᠠᠭᠲᠤᠭᠴᠢ ᠶᠢᠨ ᠰᠢᠷᠬ᠎ᠠ ᠶᠢᠨ ᠪᠠᠶᠢᠳᠠᠯ ᠢ ᠲᠣᠳᠣᠷᠬᠠᠢ ᠬᠡᠯᠡᠵᠦ ᠦᠭᠭᠦᠨ᠎ᠡ᠃
      ︵4︶ ᠣᠪᠣᠭ ᠨᠡᠷ᠎ᠡ ᠪᠠᠨ ᠦᠯᠡᠳᠡᠭᠡᠨ᠎ᠡ᠃
      ︵5︶ ᠬᠦᠯᠢᠶᠡᠨ ᠠᠪᠴᠦ ᠵᠢᠭᠠᠨ ᠳᠠᠭᠠᠭᠤᠯᠤᠨ᠎ᠠ᠃

     ᠬᠠᠯᠠᠭᠤᠮᠰᠤᠭ ᠰᠠᠨᠠᠭᠤᠯᠤᠮᠵᠢ
     ᠬᠦᠯᠢᠶᠡᠬᠦ ᠶᠢᠨ ᠵᠡᠷᠭᠡᠴᠡᠪᠡᠷ ᠢᠳᠡᠪᠬᠢᠲᠡᠢ ᠪᠠᠷ ᠠᠪᠤᠷᠠᠬᠤ ᠠᠵᠢᠯ ᠬᠢᠨ᠎ᠡ᠃ ᠭᠠᠮᠰᠢᠭ ᠪᠣᠯᠤᠭᠰᠠᠨ ᠠᠳᠡᠯ ᠭᠠᠷᠤᠭᠰᠠᠨ ᠤ ᠳᠠᠷᠠᠭ᠎ᠠ ᠨᠡᠩ ᠢᠯᠡᠭᠦᠦ ᠭᠡᠮᠲᠥᠯ ᠪᠣᠯᠭᠠᠬᠤ ᠦᠭᠡᠢ ᠪᠠᠶᠢᠬᠤ ᠶᠢ ᠦᠨᠡᠨᠬᠦ ᠪᠠᠳᠤᠯᠠᠭᠰᠠᠨ ᠪᠠᠶᠢᠳᠠᠯ ᠤᠨ ᠳᠣᠣᠷ᠎ᠠ᠂ ᠰᠢᠷᠠᠭᠳᠤᠭᠰᠠᠳ ᠲᠤ ᠪᠥᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠮᠨᠡᠯᠭᠡ ᠶᠢᠨ ᠠᠵᠢᠯᠲᠠᠳ ᠢ ᠬᠦᠷᠴᠦ ᠢᠷᠡᠲᠡᠯ᠎ᠡ ᠲᠥᠷᠭᠡᠨ ᠠᠪᠤᠷᠠᠯᠲᠠ ᠬᠢᠨ᠎ᠡ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ