110 ᠲᠦᠭᠰᠢᠭᠦᠷᠢ ᠮᠡᠳᠡᠭᠦᠯᠬᠦ
ᠨᠡᠶᠢᠲᠡᠯᠡᠭᠰᠡᠨ ᠴᠠᠭ᠄
2015/1/30
     110 ᠲᠦᠭᠰᠢᠭᠦᠷᠢ ᠮᠡᠳᠡᠭᠦᠯᠬᠦ ᠲᠠᠪᠴᠠᠩ ︵ᠤᠤᠯ ᠤᠨ 110᠂ 119᠂ 112 ᠭᠤᠷᠪᠠᠨ ᠲᠠᠪᠴᠠᠩ ᠢ ᠨᠢᠭᠡᠳᠬᠡᠵᠦ 110 ᠪᠣᠯᠭᠠᠪᠠ︶ ᠣᠯᠠᠨ ᠲᠦᠮᠡᠨ ᠤ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠬᠤ ᠪᠠ ᠵᠠᠮ ᠬᠠᠷᠢᠯᠴᠠᠭ᠎ᠠ᠂ ᠭᠠᠯ ᠤᠨ ᠠᠶᠤᠯ ᠤᠨ ᠠᠳᠡᠯ ᠤᠨ ᠲᠦᠭᠰᠢᠭᠦᠷᠢ ᠮᠡᠳᠡᠭᠦᠯᠥᠭᠰᠡᠨ ᠢ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠨ᠎ᠡ᠃ 110 ᠲᠦᠭᠰᠢᠭᠦᠷᠢ ᠮᠡᠳᠡᠭᠦᠯᠬᠦ ᠲᠠᠪᠴᠠᠩ ᠤᠨ ᠤᠯᠠᠨ ᠲᠦᠮᠡᠨ ᠤ ᠲᠦᠭᠰᠢᠭᠦᠷᠢ ᠮᠡᠳᠡᠭᠦᠯᠥᠭᠰᠡᠨ ᠢ ᠬᠦᠯᠢᠶᠠᠨ ᠠᠪᠴᠤ ᠰᠢᠢᠳᠪᠦᠷᠢᠯᠡᠬᠦ  ᠬᠡᠪᠴᠢᠶ᠎ᠡ᠄       ︵1︶ ᠡᠷᠡᠭᠦᠦ ᠶᠢᠨ ᠬᠡᠷᠡᠭ︔       ︵2︶ ᠠᠮᠤᠷ ᠢ ᠬᠠᠮᠠᠭᠠᠯᠠᠬᠤ ᠬᠡᠷᠡᠭ ︵ᠤᠴᠢᠷ︶︔       ︵3︶ ᠬᠦᠮᠦᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠲᠦᠭᠰᠢᠭᠦᠷᠢᠲᠠᠢ ᠪᠦᠯᠦᠭᠯᠡᠯ ᠴᠢᠨᠠᠷᠲᠠᠢ ᠬᠡᠷᠡᠭ︔       ︵4︶ ᠪᠠᠶᠢᠭᠠᠯᠢ ᠶᠢᠨ ᠭᠠᠮᠰᠢᠭ᠂ ᠠᠮᠤᠷ ᠢ ᠬᠠᠮᠠᠭᠠᠯᠠᠬᠤ ᠭᠠᠮᠰᠢᠭ ᠤᠨ ᠠᠳᠡᠯ︔       ︵5︶ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠰᠢᠢᠳᠪᠦᠷᠢᠯᠡᠬᠦ ᠴᠢᠬᠤᠯᠠ ᠲᠠᠢ ᠬᠠᠤᠯᠢ ᠠᠴᠠ ᠵᠥᠷᠢᠴᠡᠨ ᠶᠠᠯ᠎ᠠ ᠬᠢᠭᠰᠡᠨ ᠯᠦᠭᠡ ᠬᠠᠮᠢᠶ᠎ᠠ ᠲᠠᠢ ᠪᠤᠰᠤᠳ ᠲᠦᠭᠰᠢᠭᠦᠷᠢ ᠮᠡᠳᠡᠭᠦᠯᠬᠦ᠃      ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄      110 ᠪᠣᠯ ᠳ᠋ᠢᠶᠠᠩᠬᠤᠸᠠ ᠶᠢᠨ ᠵᠠᠷᠤᠳᠠᠯ ᠬᠤᠷᠢᠶᠠᠬᠤ ᠦᠭᠡᠢ ᠪᠦᠭᠡᠳ ᠲᠣᠭᠲᠠᠮᠠᠯ ᠳ᠋ᠢᠶᠠᠩᠬᠤᠸᠠ᠂ ᠰᠢᠯᠵᠢᠮᠡᠯ ᠳ᠋ᠢᠶᠠᠩᠬᠤᠸᠠ ᠪᠠᠷ ᠰᠢᠭᠤᠳ ᠤᠲᠠᠰᠤᠳᠠᠵᠦ ᠪᠣᠯᠣᠨ᠎ᠠ︔ ᠣᠨᠳᠤᠤ ᠭᠠᠵᠠᠷ ᠠᠴᠠ ᠬᠡᠷᠡᠭ ᠡᠭᠦᠰᠦᠭᠰᠡᠨ ᠭᠠᠵᠠᠷ ᠤᠨ 110᠎ ᠶᠢ ᠤᠲᠠᠰᠤᠳᠠᠪᠠᠯ᠂ ᠬᠡᠷᠡᠭ ᠡᠭᠦᠰᠦᠭᠰᠡᠨ ᠭᠠᠵᠠᠷ ᠣᠷᠣᠨ ᠤ ᠨᠣᠮᠧᠷ ᠢ ᠤᠷᠢᠳᠠᠪᠡᠷ ᠳ᠋ᠤᠭᠠᠷᠳᠠᠵᠦ᠂ ᠳᠠᠷᠠᠭ᠎ᠠ ᠎ ᠨᠢ 110᠎ ᠶᠢ ᠤᠲᠠᠰᠤᠳᠠᠨ᠎ᠠ᠃      ᠲᠦᠭᠰᠢᠭᠦᠷᠢ ᠮᠡᠳᠡᠭᠦᠯᠬᠦ ᠳᠡᠭᠡᠨ ᠬᠡᠷᠡᠭ ᠭᠠᠷᠤᠭᠰᠠᠨ ᠴᠠᠭ ᠬᠤᠭᠤᠴᠠᠭ᠎ᠠ᠂ ᠣᠷᠣᠨ ᠪᠠᠶᠢᠷᠢ᠂ ᠦᠪᠡᠷ ᠤᠨ ᠣᠪᠣᠭ ᠨᠡᠷ᠎ᠡ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠨ ᠲᠣᠲᠣᠷᠬᠠᠢ ᠶᠠᠷᠢᠵᠤ ᠦᠭᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠠᠮᠠᠷ ᠭᠠᠵᠠᠷ ᠪᠣᠯᠬᠤ ᠶᠢ ᠮᠡᠳᠡᠬᠦ ᠦᠭᠡᠢ ᠪᠣᠯ ᠲᠤᠬᠠᠢ ᠶᠢᠨ ᠲᠠᠯᠠᠪᠠᠢ ᠶᠢᠨ ᠣᠶᠢᠷ᠎ᠡ ᠬᠠᠪᠢ ᠳᠠᠬᠢ ᠢᠯᠡᠷᠬᠡᠢ ᠲᠡᠮᠳᠡᠭ ᠪᠣᠯᠬᠤ ᠪᠠᠷᠢᠯᠭ᠎ᠠ᠂ ᠲᠣᠮᠣ ᠬᠡᠯᠪᠡᠷᠢ ᠶᠢᠨ ᠲᠠᠯᠠᠪᠤᠷ᠂ ᠣᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠨᠢᠭᠡᠴᠡ ᠶᠢᠨ ᠨᠡᠷᠡᠶᠢᠳᠦᠯ ᠵᠡᠷᠭᠡ ᠶᠢ ᠬᠠᠩᠭᠠᠵᠤ ᠪᠣᠯᠣᠨ᠎ᠠ᠃      ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠵᠤ᠂ ᠠᠷᠠᠳ ᠤᠨ ᠴᠠᠭᠳᠠᠭ᠎ᠠ ᠭᠡᠷᠡᠴᠢ ᠠᠪᠬᠤ ᠳᠤ ᠳᠦᠭᠦᠮ ᠦᠵᠡᠬᠦᠯᠦᠨ᠎ᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号