122 ᠵᠠᠮ ᠬᠠᠷᠢᠯᠴᠠᠭᠠᠨ ᠤ ᠠᠳᠡᠯ ᠤᠨ ᠲᠦᠭᠰᠢᠭᠦᠷᠢ ᠮᠡᠳᠡᠭᠦᠯᠬᠦ ᠳ᠋ᠢᠶᠠᠩᠬᠤᠸᠠ
ᠨᠡᠶᠢᠲᠡᠯᠡᠭᠰᠡᠨ ᠴᠠᠭ᠄
2015/1/30
     ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠦ᠂ ᠪᠠᠶᠢᠳᠠᠯ ᠨᠢ ᠬᠦᠩᠭᠡᠨ ᠰᠢᠭ ᠪᠣᠯ ᠨᠥᠬᠦᠷᠰᠡᠭ ᠢᠶᠠᠷ ᠵᠥᠪᠳᠡᠯᠴᠡᠭᠡᠳ ᠰᠢᠢᠳᠪᠦᠷᠢᠯᠡᠵᠦ ᠪᠣᠯᠤᠨ᠎ᠠ︔ ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110  ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢ ᠤᠲᠠᠰᠤᠳᠠᠵᠦ ᠪᠤᠯᠤᠨ᠎ᠠ᠃      ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ       ︵1︶  ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃       ︵2︶  ᠭᠠᠵᠠᠷ ᠢ ᠨᠢ ᠲᠣᠲᠣᠷᠬᠠᠢ ᠬᠡᠯᠡᠵᠦ ᠦᠭᠭᠦᠨ᠎ᠡ᠃       ︵3︶ ᠠᠶᠤᠯ ᠤᠨ ᠪᠠᠶᠢᠳᠠᠯ ᠢ ᠲᠣᠳᠤᠷᠬᠠᠢ ᠬᠡᠯᠡᠵᠦ ᠦᠭᠭᠦᠨ᠎ᠡ᠃  ᠠᠳᠡᠯ ᠤᠨ ᠰᠢᠯᠲᠠᠭᠠᠨ ᠪᠠ ᠬᠦᠮᠦᠨ ᠬᠠᠷ᠎ᠠ᠂ ᠮᠠᠰᠢᠨ ᠲᠡᠷᠭᠡᠨ ᠤ ᠭᠡᠮᠲᠦᠵᠦ ᠰᠦᠢᠳᠦᠭᠰᠡᠨ ᠪᠠᠶᠢᠳᠠᠯ ᠢ ᠮᠡᠳᠡᠭᠦᠯᠦᠨ᠎ᠡ᠃       ︵4︶  ᠣᠪᠣᠭ ᠨᠡᠷ᠎ᠡ ᠪᠠᠨ ᠦᠯᠡᠳᠡᠭᠡᠨ᠎ᠡ᠃       ︵5︶ ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠲᠠᠷᠠᠭ᠎ᠠ᠂ ᠬᠡᠷᠡᠭ ᠭᠠᠷᠭᠠᠭᠴᠢ ᠬᠢᠭᠡᠳ ᠡᠷᠬᠢᠨ ᠲᠣᠭᠤᠷᠢᠨ ᠳᠤ ᠪᠠᠶᠢᠭ᠎ᠠ ᠤᠯᠠᠨ ᠲᠦᠮᠡᠨ ᠲᠤᠬᠠᠢ ᠶᠢᠨ ᠲᠠᠯᠠᠪᠠᠢ ᠶᠢ ᠠᠯᠢ ᠴᠢᠳᠠᠬᠤᠶᠢᠴᠠ ᠤᠤᠯ ᠤᠨ ᠬᠡᠪ ᠢᠶᠠᠷ ᠨᠢ ᠪᠠᠶᠢᠯᠭᠠᠬᠤ ᠪᠠᠷ ᠬᠠᠮᠠᠭᠠᠯᠠᠵᠤ᠂ ᠠᠷᠠᠳ ᠤᠨ ᠴᠠᠭᠳᠠᠭ᠎ᠠ ᠠᠳᠡᠯ ᠰᠢᠢᠳᠪᠦᠷᠢᠯᠡᠬᠦ ᠳᠡᠭᠡᠨ ᠪᠤᠳᠠᠰ ᠤᠨ ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠮᠠᠭᠠᠳᠯᠠᠬᠤ ᠳᠤ ᠳᠦᠭᠦᠮ ᠦᠵᠡᠭᠦᠯᠬᠦ ᠬᠡᠷᠡᠭᠲᠡᠢ︔ ᠡᠭᠦᠨ ᠤ ᠬᠠᠮᠲᠤ ᠵᠠᠮ ᠬᠠᠷᠢᠯᠴᠠᠭᠠᠨ ᠤ ᠡᠮᠬᠢ ᠳᠢᠭᠯᠢᠮ ᠢ ᠠᠯᠢ ᠪᠣᠯᠬᠤᠶᠢᠴᠠ ᠬᠠᠷᠰᠢᠯᠠᠬᠤ ᠦᠭᠡᠢ ᠪᠠᠶᠢᠬᠤ ᠶᠢ ᠠᠩᠬᠠᠷᠤᠨ᠎ᠠ᠃ ᠵᠠᠮ ᠬᠠᠷᠢᠯᠴᠠᠭ᠎ᠠ ᠶᠢ ᠬᠠᠷᠰᠢᠯᠠᠭᠰᠠᠨ ᠠᠴᠠ ᠪᠣᠯᠵᠤ ᠲᠤᠬᠠᠢ ᠶᠢᠨ ᠲᠠᠯᠠᠪᠠᠢ ᠶᠢ ᠰᠢᠯᠵᠢᠭᠦᠯᠬᠦ ᠦᠭᠡᠢ ᠪᠠᠶᠢᠬᠤ ᠶᠢᠨ ᠠᠷᠭ᠎ᠠ ᠦᠭᠡᠢ ᠪᠣᠯ ᠤᠷᠢᠳᠠᠪᠡᠷ ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠤᠷᠤᠨ ᠪᠠᠶᠢᠷᠢ ᠶᠢ ᠲᠡᠮᠳᠡᠭᠯᠡᠨ ᠲᠤᠲᠤᠷᠬᠠᠶᠢᠯᠠᠬᠤ᠂ ᠡᠰᠡᠬᠦᠯ᠎ᠡ ᠭᠠᠷ ᠤᠲᠠᠰᠤ ᠪᠤᠶᠤ ᠭᠡᠷᠡᠯ ᠵᠢᠷᠤᠭ ᠤᠨ ᠮᠠᠰᠢᠨ ᠢᠶᠠᠷ ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠤᠷᠤᠨ ᠪᠠᠶᠢᠷᠢ ᠶᠢ ᠰᠡᠭᠦᠳᠡᠷᠯᠡᠵᠦ ᠠᠪᠤᠭᠠᠳ ᠬᠡᠷᠡᠭ ᠭᠠᠷᠤᠭᠰᠠᠨ ᠮᠠᠰᠢᠨ ᠲᠡᠷᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ ᠭᠠᠵᠠᠷ ᠲᠤ ᠰᠢᠯᠵᠢᠭᠦᠯᠦᠨ᠎ᠡ᠃       ︵6︶ ᠰᠡᠷᠡᠮᠵᠢᠯᠡᠭᠦᠯᠬᠦ ᠲᠡᠮᠳᠡᠭ᠃ ᠵᠠᠮ ᠬᠠᠷᠢᠯᠴᠠᠭᠠᠨ ᠤ ᠠᠳᠡᠯ ᠭᠠᠷᠪᠠᠯ ᠮᠠᠰᠢᠨ ᠲᠡᠷᠭᠡᠨ ᠤ ᠪᠠᠨ ᠡᠷᠬᠢᠨ ᠲᠣᠭᠤᠷᠢᠨ ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠳᠠᠬᠢᠭᠠᠳ ᠠᠳᠡᠯ ᠪᠣᠯᠬᠤ ᠠᠴᠠ ᠵᠠᠶᠢᠯᠠᠰᠬᠢᠯᠭᠡᠬᠦ ᠬᠡᠷᠡᠭᠲᠡᠢ᠃       ︵7︶ ᠲᠡᠷᠭᠡᠨ ᠤ ᠫᠠᠶᠢᠰᠠ ᠶᠢ ᠴᠡᠭᠡᠵᠢᠯᠡᠵᠦ ᠠᠪᠤᠨ᠎ᠠ᠃ ᠬᠡᠷᠡᠭ ᠭᠠᠷᠭᠠᠭᠰᠠᠨ ᠮᠠᠰᠢᠨ ᠲᠡᠷᠭᠡ ᠲᠤᠲᠠᠭᠠᠭᠰᠠᠨ ᠪᠠᠶᠢᠪᠠᠯ᠂ ᠮᠠᠰᠢᠨ ᠲᠡᠷᠭᠡᠨ ᠤ ᠫᠠᠶᠢᠰᠠ᠂ ᠲᠡᠷᠭᠡᠨ ᠤ ᠬᠡᠯᠪᠡᠷᠢ᠂ ᠥᠩᠭᠡ ᠪᠤᠳᠤᠭ ᠵᠡᠷᠭᠡ ᠭᠤᠣᠯ ᠪᠣᠯᠬᠤ ᠣᠨᠴᠠᠯᠢᠭ ᠢ ᠴᠡᠭᠡᠵᠢᠯᠡᠵᠦ ᠠᠪᠬᠤ ᠬᠡᠷᠡᠭᠲᠡᠢ᠃      ᠬᠠᠯᠠᠭᠤᠮᠰᠤᠭ ᠰᠠᠨᠠᠭᠤᠯᠤᠮᠵᠢ      ᠰᠢᠷᠠᠭᠳᠤᠭᠰᠠᠳ ᠢ ᠠᠪᠤᠷᠠᠨ᠎ᠠ᠃ ᠵᠠᠮ ᠬᠠᠷᠢᠯᠴᠠᠭᠠᠨ ᠤ ᠠᠳᠡᠯ ᠠᠴᠠ ᠪᠣᠯᠵᠤ ᠬᠥᠮᠥᠰ ᠰᠢᠷᠬᠠᠲᠤᠭᠰᠠᠨ ᠪᠣᠯ  ᠰᠢᠷᠠᠭᠳᠤᠭᠰᠠᠳ ᠢ ᠴᠠᠭ ᠲᠣᠬᠠᠢ ᠳᠤᠨᠢ ᠠᠪᠤᠷᠠᠬᠤ ᠶᠢᠨ ᠬᠠᠮᠲᠤ 120  ᠡᠮᠴᠢᠯᠡᠭᠡᠨ ᠤ ᠲᠦᠷᠭᠡᠨ ᠠᠪᠤᠷᠠᠬᠤ ᠳ᠋ᠢᠶᠠᠩᠬᠤᠸᠠ ᠶᠢ ᠳᠠᠷᠤᠢ ᠲᠦᠷᠭᠡᠨ ᠤᠲᠠᠰᠤᠳᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号