ᠪᠦᠳᠦᠴᠡ ᠶᠢᠨ ᠲᠤᠬᠢᠷᠠᠭᠤᠯᠤᠯᠲᠠ ᠶᠢ ᠬᠦᠴᠦᠯᠡᠨ ᠠᠬᠢᠭᠤᠯᠤᠶ᠎ᠠ
ᠨᠡᠶᠢᠲᠡᠯᠡᠭᠰᠡᠨ ᠴᠠᠭ᠄
2015-01-30
     ᠠᠵᠤ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠠᠷᠢ ᠪᠠᠨ ᠬᠤᠪᠢᠷᠠᠭᠤᠯᠵᠤ᠂ ᠠᠵᠤ ᠠᠬᠤᠢ  ᠶᠢᠨ ᠪᠦᠳᠦᠴᠠ ᠪᠠᠨ ᠲᠤᠬᠢᠷᠠᠭᠤᠯᠬᠤ ᠪᠤᠯ ᠪᠢᠳᠡᠨ ᠤ ᠭᠤᠤᠯ ᠰᠢᠪᠳᠤᠯᠤᠯᠲᠠ ᠶᠢᠨ ᠴᠢᠭᠯᠡᠯ ᠮᠦᠨ᠃      ᠮᠠᠨ ᠤ ᠤᠷᠤᠨ ᠳᠤ ᠪᠠᠶᠢᠭᠠᠯᠢ ᠶᠢᠨ ᠡᠬᠢ ᠪᠠᠶᠠᠯᠢᠭ ᠡᠯᠪᠡᠭ ᠲᠡᠯᠪᠡᠭ᠂ ᠡᠬᠢ ᠪᠠᠶᠠᠯᠢᠭ ᠤᠨ ᠬᠡᠯᠪᠡᠷᠢ  ᠶᠢᠨ ᠠᠵᠤ ᠦᠢᠯᠡᠰ ᠤᠨ ᠬᠦᠭᠵᠢᠯᠳᠠ  ᠶᠢᠨ ᠨᠦᠭᠡᠴᠠ ᠬᠦᠴᠦᠨ ᠶᠡᠭᠡ ᠪᠠᠶᠢᠳᠠᠭ ᠪᠤᠯᠪᠠᠴᠦ ᠠᠵᠤ ᠦᠢᠯᠡᠰ ᠤᠨ ᠬᠦᠭᠵᠢᠯᠳᠠ  ᠶᠢᠨ ᠶᠡᠭᠡᠨᠭᠭᠡᠢ ᠨᠢ ᠡᠬᠢ ᠪᠠᠶᠠᠯᠢᠭ ᠢ ᠨᠡᠭᠡᠭᠡᠨ ᠠᠰᠢᠬᠯᠠᠬᠤ ᠳᠤ ᠲᠦᠰᠢᠭᠯᠡᠨ᠂ ᠠᠵᠤ ᠦᠢᠯᠡᠰ ᠤᠨ ᠪᠦᠳᠦᠴᠠ ᠲᠠᠩ ᠴᠤᠯᠭᠤᠢ ᠪᠠᠶᠢᠭᠰᠠᠭᠠᠷ᠃ ᠡᠨᠡᠬᠦ ᠪᠠᠶᠢᠳᠠᠯ ᠢᠶᠠᠨ ᠦᠨᠳᠤᠰᠤᠯᠠᠨ ᠬᠦᠭᠵᠢᠬᠡᠳᠤᠢ ᠭᠠᠵᠠᠷ ᠤᠷᠤᠨ ᠤ ᠦᠨᠳᠤᠰᠤᠨ ᠪᠠᠶᠢᠳᠠᠯ ᠢᠶᠠᠨ ᠬᠤᠪᠢᠷᠠᠭᠤᠯᠤᠶ᠎ᠠ ᠬᠡᠪᠡᠯ ᠡᠷᠭᠡᠪᠰᠢ ᠳᠠᠪᠠᠭᠤᠯᠢᠭ ᠲᠠᠭᠠᠨ ᠰᠠᠭᠤᠷᠢᠯᠡᠨ ᠳᠠᠪᠠᠭᠤᠯᠢᠭ ᠢᠶᠠᠨ ᠪᠠᠳᠠᠷᠠᠭᠤᠯᠵᠤ᠂ ᠬᠦᠷᠦᠯᠴᠡᠭᠦ ᠦᠭᠡᠢ ᠲᠠᠯ᠎ᠠ ᠪᠠᠨ ᠨᠦᠭᠦᠪᠦᠷᠢᠯᠡᠭᠦ  ᠶᠢᠨ ᠬᠠᠮᠳᠤ ᠢᠳᠡᠪᠬᠢᠳᠠᠢ ᠪᠠᠷ ᠤᠯᠡᠨ ᠡᠰᠢᠵᠢᠭᠰᠡᠨ ᠬᠦᠭᠵᠢᠯᠳᠠ ᠲᠠᠢ᠂ ᠤᠯᠡᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠠ  ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠴᠢᠬᠤᠯᠠᠳᠠᠢ ᠪᠢᠯᠡ᠃ ᠦᠩᠬᠡᠷᠡᠭᠰᠡᠨ ᠨᠢᠭᠡ ᠵᠢᠯ ᠳᠤ ᠮᠠᠨ ᠤ ᠤᠷᠤᠨ ᠶᠡᠷᠦᠩᠭᠡᠢ ᠱᠦᠵᠢ  ᠶᠢᠨ ᠰᠢᠨᠵᠢᠯᠡᠨ ᠪᠠᠶᠢᠴᠠᠭᠠᠬᠤ ᠦᠶ᠎ᠠ ᠳᠤ ᠲᠤᠷᠠᠳᠤᠭᠰᠡᠨ ︽ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠤᠰᠤᠭᠠᠷ ᠂ ᠤᠯᠠᠮᠵᠢᠯᠠᠯᠳᠤ ᠠᠵᠤ ᠦᠢᠯᠡᠰ ᠢ ᠰᠢᠨ᠎ᠠ ᠬᠡᠯᠪᠡᠷᠢᠵᠢᠭᠦᠯᠭᠦ᠂ ᠰᠢᠨ᠎ᠠ ᠪᠠᠷ ᠮᠠᠨᠳᠤᠬᠰᠡᠨ ᠠᠵᠤ ᠦᠢᠯᠡᠰ ᠢ ᠬᠡᠪᠴᠢᠶᠠᠵᠢᠭᠦᠯᠭᠦ᠂ ᠲᠤᠯᠭᠠᠭᠤᠷᠢ ᠠᠵᠤ ᠦᠢᠯᠡᠰ ᠢ ᠤᠯᠡᠨ ᠡᠰᠢᠵᠢᠭᠦᠯᠭᠦ ᠰᠡᠳᠬᠢᠴᠠ ᠪᠠᠷ ᠠᠵᠤ ᠠᠬᠤᠢ  ᠶᠢᠨ ᠪᠦᠳᠦᠴᠠ ᠪᠠᠨ ᠲᠦᠷᠬᠡᠳᠬᠡᠨ ᠲᠤᠬᠢᠷᠠᠭᠤᠯᠤᠭᠰᠠᠨ ᠪᠠᠶᠢᠨ᠎ᠠ᠃      ᠡᠨᠡ ᠨᠢᠭᠡ ᠵᠢᠯ ᠲᠤ᠂ ᠮᠠᠨ ᠤ ᠤᠷᠤᠨ ᠶᠡᠷᠦᠩᠭᠡᠢ ᠭᠡᠮᠵᠢᠶ᠎ᠠ ᠶᠢ ᠨᠡᠮᠡᠭᠳᠡᠭᠦᠯᠭᠦ ᠪᠠ ᠬᠦᠭᠵᠢᠯᠳᠡ ᠶᠢᠨ ᠲᠦᠪᠰᠢᠨ  ᠢᠶᠠᠨ ᠲᠠᠬᠡᠭᠰᠢᠯᠡᠬᠦᠯᠬᠦ ᠶᠢ ᠵᠡᠷᠭᠡᠪᠡᠷ ᠴᠢᠬᠤᠯᠠᠴᠢᠯᠠᠵᠤ᠂ ︽ᠲᠠᠪᠤᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠨ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠵᠤᠬᠢᠴᠠᠩᠭᠤᠢ ᠬᠦᠭᠵᠢᠯᠳᠠ ᠪᠠ ᠠᠵᠤ ᠦᠢᠯᠡᠰ ᠤᠨ ᠲᠤᠳᠤᠭᠠᠳᠤ ᠪᠦᠳᠦᠴᠠ ᠶᠢᠨ ᠰᠢᠯᠢᠳᠡᠭᠵᠢᠯ ᠢ ᠠᠬᠢᠭᠤᠯᠵᠤ᠂ ᠤᠷᠤᠨ ᠢᠶᠠᠨ ᠬᠦᠴᠦᠷᠭᠡᠭᠵᠢᠭᠦᠯᠵᠤ ᠠᠷᠠᠳ ᠢ ᠪᠠᠶᠠᠵᠢᠭᠤᠯᠬᠤ ᠠᠬᠢᠴᠠ ᠶᠢ ᠲᠦᠷᠭᠡᠳᠬᠡᠬᠦ ᠳᠤ ᠴᠢᠬᠤᠯᠠ ᠪᠦᠭᠦᠢ ᠰᠠᠭᠤᠷᠢ ᠲᠠᠯᠪᠢᠯ᠎ᠠ ᠃ ᠡᠨᠡ ᠨᠢᠭᠡ ᠵᠢᠯ ᠲᠤ᠂ ᠮᠠᠨ ᠤ ᠤᠷᠤᠨ ᠪᠦᠳᠦᠮᠵᠢᠳᠠᠢ ᠬᠡᠷᠡᠭᠴᠡᠭᠡ᠂ ᠤᠨᠴᠠᠭᠠᠢᠢᠯᠡᠨ ᠪᠦᠳᠦᠮᠵᠢᠳᠠᠢ ᠪᠡᠯᠡ ᠤᠷᠤᠭᠤᠯᠤᠯᠳᠠ ᠪᠠᠨ ᠦᠷᠭᠡᠳᠭᠡᠭᠦ ᠪᠠᠷ ᠲᠠᠮᠵᠢᠨ ᠲᠡᠭᠡᠳᠤ ᠰᠢᠨ᠎ᠠ ᠮᠡᠷᠭᠡᠵᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠰᠢᠬᠯᠡᠨ ᠤᠯᠠᠮᠵᠢᠯᠠᠯᠳᠤ ᠠᠵᠤ ᠦᠢᠯᠡᠰ ᠢ ᠳᠡᠰ ᠳᠡᠪᠰᠢᠭᠦᠯᠭᠦ ᠠᠬᠢᠴᠠ ᠪᠠᠨ ᠲᠦᠷᠭᠡᠳᠭᠡᠨ᠂ ᠠᠵᠤ ᠠᠬᠤᠢ  ᠶᠢᠨ ᠬᠦᠭᠵᠢᠯᠳᠠ ᠶᠢᠨ ᠪᠠᠳᠤᠯᠠᠭ᠎ᠠ ᠪᠠᠨ ᠤᠯᠡᠮ ᠪᠠᠬᠢᠵᠢᠬᠦᠯᠦᠯ᠎ᠠ᠃ ᠡᠨᠡ ᠨᠢᠭᠡ ᠵᠢᠯ ᠲᠤ᠂ ᠮᠠᠨ ᠤ ᠤᠷᠤᠨ ᠠᠵᠤ ᠦᠢᠯᠡᠰ ᠤᠨ ᠪᠦᠳᠦᠴᠠ ᠪᠠ ᠬᠡᠷᠡᠭᠴᠡᠭᠡ  ᠶᠢᠨ ᠪᠦᠳᠦᠴᠠ ᠲᠤ ᠲᠤᠬᠢᠷᠠᠭᠤᠯᠤᠯᠳᠠ ᠬᠢᠭᠦ ᠪᠠᠷ ᠲᠠᠮᠵᠢᠨ ᠠᠵᠤ ᠠᠬᠤᠢ  ᠶᠢᠨ ᠬᠦᠭᠵᠢᠯᠳᠠ  ᠶᠢᠨ ᠰᠢᠨ᠎ᠠ ᠬᠡᠪ ᠪᠠᠶᠢᠳᠠᠯ ᠲᠤ ᠰᠠᠨᠠᠭᠠᠴᠢᠯᠠᠭ᠎ᠠ ᠲᠠᠢ ᠪᠠᠷ ᠵᠤᠬᠢᠴᠠᠵᠤ᠂ ᠨᠢᠭᠡ ᠪᠦᠯᠦᠭ ᠤᠨᠴᠠ ᠶᠡᠭᠡ ᠠᠵᠤ ᠦᠢᠯᠡᠳᠪᠤᠷᠢ ᠶᠢᠨ ᠲᠦᠷᠦᠯ ᠵᠦᠢᠯ ᠢ ᠪᠠᠷᠢᠯᠭ᠎ᠠ ᠡᠬᠢᠯᠡᠬᠦᠯᠦᠯ᠎ᠠ᠃ ᠡᠨᠡ ᠨᠢᠭᠡ ᠵᠢᠯ ᠲᠤ᠂ ᠮᠠᠨ ᠤ ᠤᠷᠤᠨ ᠦᠢᠯᠡᠳᠪᠦᠷᠢᠯᠡᠯ ᠪᠠ ᠠᠮᠢᠳᠤᠷᠠᠯ  ᠤᠨ ᠴᠢᠨᠠᠷ ᠲᠠᠢ ᠦᠢᠯᠡᠴᠢᠯᠡᠭᠡᠨ ᠤ ᠦᠢᠯᠡᠰ ᠢ ᠵᠡᠷᠭᠡ ᠪᠠᠷ ᠴᠢᠬᠤᠯᠠᠴᠢᠯᠠᠵᠤ᠂ ᠤᠳᠤ ᠦᠶ᠎ᠠ  ᠶᠢᠨ ᠦᠢᠯᠡᠴᠢᠯᠡᠭᠡᠨ ᠤ ᠦᠢᠯᠡᠰ ᠪᠤᠯᠤᠨ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠢ ᠴᠤᠬᠭᠠᠷ ᠬᠦᠭᠵᠢᠭᠦᠯᠵᠤ᠂ ᠰᠢᠨ᠎ᠠ ᠲᠤᠯᠭᠠᠭᠤᠷᠢ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠦᠢᠯᠡᠴᠢᠯᠡᠬᠡᠨ ᠤ ᠦᠢᠯᠡᠰ  ᠤᠨ ᠬᠢᠷᠢ ᠲᠦᠪᠰᠢᠨ ᠢᠶᠠᠨ ᠲᠡᠭᠡᠭᠰᠢᠯᠡᠭᠦᠯᠦᠭᠰᠡᠨ ᠪᠠᠶᠢᠨ᠎ᠠ᠃      ᠶᠡᠷᠦᠩᠭᠡᠢ ᠱᠦᠵᠢ ᠶᠢᠨ ᠮᠠᠨ ᠤ ᠤᠷᠤᠨ ᠢᠶᠠᠷ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ  ᠶᠢᠨ ᠵᠤᠷᠢᠭ ᠰᠠᠨᠠᠭ᠎ᠠ  ᠶᠢ ᠠᠮᠢᠳᠤᠯᠢᠭ ᠢᠶᠠᠷ ᠦᠢᠯᠡᠳᠦᠯᠭᠡᠵᠢᠭᠦᠯᠦᠨ ᠨᠠᠶᠢᠳᠠᠪᠤᠷᠢᠵᠢᠭᠤᠯᠤᠭᠰᠠᠨ ᠨᠢᠬᠡ ᠵᠢᠯ  ᠤᠨ ᠲᠤᠷᠰᠢ᠂ ᠤᠷᠤᠨ ᠲᠠᠶᠠᠭᠠᠷ ᠢᠶᠠᠷ ᠢᠶᠠᠨ ᠪᠦᠳᠦᠴᠠ  ᠶᠢᠨ ᠲᠤᠬᠢᠷᠠᠭᠤᠯᠤᠯᠳᠠ ᠬᠢᠭᠦ ᠪᠤᠯ ᠪᠦᠬᠦ ᠤᠷᠤᠨ ᠤ ᠠᠵᠤ ᠠᠬᠤᠢ  ᠶᠢᠨ ᠬᠦᠭᠵᠢᠯᠳᠠ  ᠶᠢᠨ ᠢᠷᠡᠭᠡᠳᠦᠢ ᠲᠠᠢ ᠬᠤᠯᠪᠤᠬᠳᠠᠬᠤ ᠴᠢᠬᠤᠯᠠ ᠶᠡᠭᠡ ᠰᠤᠩᠭᠤᠯᠳᠠ ᠪᠤᠯᠤᠨ᠎ᠠ ᠭᠡᠳᠡᠭ ᠲᠤ ᠨᠡᠩ ᠬᠦᠨᠵᠡᠭᠡᠢ ᠲᠠᠨᠢᠯᠳᠠ ᠲᠠᠢ ᠪᠤᠯᠪᠡ᠃ ᠲᠠᠨᠢᠯᠳᠠ ᠬᠦᠨᠵᠡᠬᠡᠶᠢᠷᠡᠭᠰᠠᠬᠡᠷ ᠠᠯᠬᠤᠭ᠎ᠠ ᠲᠦᠷᠬᠡᠳᠬᠦ ᠨᠢ ᠲᠠᠮᠵᠢᠭ ᠦᠬᠡᠢ᠃ ᠬᠦᠭᠵᠢᠯᠳᠠ  ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ ᠪᠦᠳᠦᠴᠠ ᠪᠠᠨ ᠲᠤᠬᠢᠷᠠᠭᠤᠯᠬᠤ ᠬᠦᠴᠦᠳᠤ ᠠᠯᠬᠤᠭ᠎ᠠ ᠶᠢᠨ ᠲᠤᠮᠳᠠ ᠠᠵᠤ ᠠᠬᠤᠢ ᠬᠦᠭᠵᠢᠭᠰᠡᠨ ᠦᠵᠡᠮᠵᠢ ᠶᠢᠨ ᠤᠷᠤᠨ ᠡᠬᠡ ᠤᠯᠤᠰ ᠤᠨ ᠤᠮᠠᠷᠠᠳᠤ ᠬᠢᠯᠢ ᠳᠤ ᠰᠡᠭᠦᠶᠢᠨ ᠰᠦᠨᠳᠡᠷᠯᠡᠬᠦ ᠨᠢ ᠯᠠᠪᠳᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号