120 ᠡᠮᠴᠢᠯᠡᠭᠡᠨ ᠤ ᠲᠦᠷᠭᠡᠨ ᠠᠪᠤᠷᠠᠯᠲᠠ
ᠨᠡᠶᠢᠲᠡᠯᠡᠭᠰᠡᠨ ᠴᠠᠭ᠄
2015/1/30


     120 ᠪᠣᠯ ᠡᠮᠴᠢᠯᠡᠭᠡᠨ ᠤ ᠲᠦᠷᠭᠡᠨ ᠠᠪᠤᠷᠠᠬᠤ ᠲᠥᠪ ᠠᠴᠠ ᠲᠤᠰᠠᠯᠠᠮᠵᠢ ᠭᠤᠶᠤᠬᠤ ᠳ᠋ᠢᠶᠠᠩᠬᠤᠸᠠ ᠪᠣᠯᠣᠨ᠎ᠠ᠃
     ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄
     ᠠᠪᠤᠷᠠᠯ ᠭᠤᠶᠤᠬᠤ ᠳᠠᠭᠠᠨ ᠡᠪᠡᠳᠴᠢᠲᠡᠨ ᠤ ᠪᠠᠶᠢᠭ᠎ᠠ ᠣᠷᠣᠨ ᠪᠠᠶᠢᠷᠢ᠂ ᠨᠠᠰᠤ ᠵᠢᠯ᠂ ᠬᠦᠢᠰᠦ ᠢᠯᠭᠠᠯ ᠪᠠ ᠡᠪᠡᠳᠴᠢᠨ ᠤ ᠪᠠᠶᠢᠳᠠᠯ ᠢ ᠠᠯᠢ ᠪᠣᠯᠬᠤᠶᠢᠴᠠ ᠲᠣᠲᠤᠷᠬᠠᠢ ᠶᠠᠷᠢᠵᠤ ᠥᠭᠭᠦᠨ᠎ᠡ᠃
     ᠡᠪᠡᠳᠴᠢᠲᠡᠨ ᠤ ᠡᠪᠡᠳᠴᠢᠨ ᠬᠥᠳᠡᠯᠦᠭᠰᠡᠨ ᠨᠡᠶᠢᠲᠡᠯᠢᠭ ᠴᠢᠨᠠᠷᠲᠠᠢ ᠢᠯᠡᠷᠡᠯ᠂ ᠵᠢᠱᠢᠶᠡᠯᠡᠪᠡᠯ ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠠᠮᠢᠰᠬᠤᠭ᠎ᠠ ᠴᠢᠬᠤᠯᠳᠠᠬᠤ ᠵᠡᠷᠭᠡ ᠶᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ᠃
     ᠡᠪᠡᠳᠴᠢᠲᠡᠨ ᠤ ᠡᠪᠡᠳᠴᠢᠯᠡᠭᠰᠡᠨ ᠪᠤᠶᠤ ᠰᠢᠷᠬᠠᠲᠤᠭᠰᠠᠨ ᠴᠠᠭ ᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ᠃ ᠬᠡᠷᠪᠡ ᠴᠠᠬᠢᠯᠭᠠᠨ ᠳᠤ ᠴᠣᠬᠢᠭᠳᠠᠬᠰᠠᠨ᠂ ᠳᠡᠯᠪᠡᠷᠡᠭᠰᠡᠨ᠂ ᠨᠤᠷᠠᠵᠦ ᠶᠡᠭᠦᠷᠡᠭᠰᠡᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠬᠳᠠᠭᠰᠠᠨ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠦᠭᠡᠢ ᠠᠴᠠ ᠪᠤᠯᠵᠣ ᠭᠡᠮᠲᠦᠭᠰᠡᠨ ᠪᠣᠯ ᠭᠡᠮᠲᠦᠭᠰᠡᠨ ᠰᠢᠨᠵᠢ ᠴᠢᠨᠠᠷ ᠢ ᠠᠯᠢ ᠪᠣᠯᠬᠤᠶᠢᠴᠠ ᠲᠣᠳᠤᠷᠬᠠᠢ ᠬᠡᠯᠡᠵᠦ ᠦᠭᠭᠦᠨ᠎ᠡ᠃
     ᠲᠠ ᠦᠪᠡᠷ ᠤᠨ ᠣᠨᠴᠠᠭᠠᠢ ᠬᠡᠷᠡᠭᠴᠡᠭᠡ ᠪᠠᠨ ᠠᠯᠢ ᠴᠢᠳᠠᠬᠤᠶᠢᠴᠠ ᠲᠣᠳᠤᠷᠬᠠᠢ ᠬᠡᠯᠡᠵᠦ ᠦᠭᠬᠦ ᠶᠢᠨ ᠬᠠᠮᠲᠤ ᠠᠪᠤᠷᠠᠬᠤ ᠲᠡᠷᠭᠡᠨ ᠤ ᠬᠦᠷᠴᠦ ᠢᠷᠡᠬᠦ ᠶᠡᠭᠡ ᠲᠦᠯᠦᠪ ᠴᠠᠭ ᠢ ᠲᠣᠳᠤᠷᠬᠠᠢ ᠣᠶᠢᠯᠠᠭᠠᠬᠤ ᠬᠡᠷᠡᠭᠲᠡᠢ᠃
 

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ