ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ ︵122 ᠵᠠᠮ ᠬᠠᠷᠢᠯᠴᠠᠭᠠᠨ ᠤ ᠠᠳᠡᠯ ᠤᠨ ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢᠨ ᠬᠡᠰᠡᠭ︶
ᠨᠡᠶᠢᠲᠡᠯᠡᠭᠰᠡᠨ ᠴᠠᠭ᠄
2015/1/30

     ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠦ᠂ ᠦᠢᠯᠡ ᠪᠠᠶᠢᠳᠠᠯ ᠨᠢ ᠬᠦᠩᠭᠡᠨ ᠰᠢᠭ ᠪᠠᠶᠢᠪᠠᠯ ᠨᠦᠭᠦᠷᠰᠡᠭ ᠢᠶᠠᠷ ᠵᠦᠪᠳᠡᠯᠴᠡᠭᠡᠳ ᠰᠢᠢᠳᠪᠦᠷᠢᠯᠡᠵᠤ ᠪᠤᠯᠤᠨ᠎ᠠ︔  ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ 122 ᠪᠤᠶᠤ 110 ᠲᠦᠭᠰᠢᠬᠦᠷᠢ ᠮᠡᠳᠡᠭᠦᠯᠬᠦ ᠳ᠋ᠢᠶᠠᠩᠬᠤᠸᠠ ᠳᠤ ᠤᠲᠠᠰᠤᠳᠠᠵᠤ ᠪᠤᠯᠤᠨ᠎ᠠ᠃

ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ
     (1)  ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠥᠨ᠎ᠡ᠃
     (2) ᠭᠠᠵᠠᠷ ᠢᠶᠠᠨ ᠲᠤᠲᠤᠷᠬᠠᠢ ᠬᠡᠯᠡᠵᠦ ᠦᠭᠭᠦᠨ᠎ᠡ᠃
     (3) ᠲᠦᠭᠰᠢᠭᠦᠷᠢ ᠶᠢᠨ ᠪᠠᠶᠢᠳᠠᠯ ᠢ ᠲᠣᠳᠤᠷᠬᠠᠶᠢᠯᠠᠨ᠎ᠠ᠃ ᠠᠳᠡᠯ ᠭᠠᠷᠤᠭᠰᠠᠨ ᠰᠢᠯᠲᠠᠭᠠᠨ ᠬᠢᠭᠡᠳ ᠬᠦᠮᠥᠰ᠂ ᠲᠡᠷᠭᠡ ᠬᠦᠰᠭᠡ ᠶᠢᠨ ᠭᠡᠮᠲᠥᠵᠦ ᠬᠤᠬᠢᠷᠠᠭᠰᠠᠨ ᠪᠠᠶᠢᠳᠠᠯ ᠢ ᠲᠤᠪᠴᠢᠬᠠᠨ ᠮᠡᠳᠡᠭᠦᠯᠥᠨ᠎ᠡ᠃
     (4) ᠣᠪᠣᠭ ᠨᠡᠷ᠎ᠡ ᠪᠠᠨ ᠦᠯᠡᠳᠡᠭᠡᠨ᠎ᠡ᠃
     (5) ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠳᠠᠷᠠᠭ᠎ᠠ᠂ ᠬᠡᠷᠡᠭ ᠭᠠᠷᠭᠠᠭᠴᠢ ᠬᠢᠭᠡᠳ ᠡᠷᠬᠢᠨ ᠲᠤᠭᠤᠷᠢᠨ ᠤ ᠣᠯᠠᠨ ᠲᠦᠮᠡᠨ ᠲᠤᠬᠠᠢ ᠶᠢᠨ ᠲᠠᠯᠠᠪᠠᠢ ᠶᠢᠨ ᠤᠭ ᠳᠦᠷᠢ ᠪᠠᠶᠢᠳᠠᠯ ᠢ ᠠᠯᠢ ᠴᠢᠳᠠᠬᠤᠶᠢᠴᠠ ᠬᠠᠮᠠᠭᠠᠯᠠᠵᠤ᠂ ᠠᠳᠡᠯ ᠢ ᠰᠢᠢᠳᠪᠦᠷᠢᠯᠡᠬᠦ ᠦᠶ᠎ᠡ ᠳᠤ ᠴᠠᠭᠳᠠᠭ᠎ᠠ ᠨᠠᠷ ᠤᠨ ᠪᠤᠳᠠᠰ ᠤᠨ ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠲᠤᠳᠤᠯᠠᠬᠤ ᠳᠤ ᠳᠦᠭᠦᠮ ᠦᠵᠡᠭᠦᠯᠬᠦ ᠬᠡᠷᠡᠭᠲᠠᠢ︔ ᠡᠭᠦᠨ ᠤ ᠬᠠᠮᠲᠤ ᠵᠠᠮ ᠬᠠᠷᠢᠯᠴᠠᠭᠠᠨ ᠤ ᠡᠮᠬᠢ ᠲᠢᠭᠯᠢᠮ ᠢ ᠠᠯᠢ ᠪᠣᠯᠬᠤᠶᠢᠴᠠ ᠬᠠᠷᠰᠢᠯᠠᠬᠤ ᠦᠭᠡᠢ ᠪᠠᠶᠢᠬᠤ ᠬᠡᠷᠡᠭᠲᠠᠢ᠃ ᠵᠠᠮ ᠬᠠᠷᠢᠯᠴᠠᠭ᠎ᠠ ᠶᠢ ᠬᠠᠷᠰᠢᠯᠠᠵᠦ ᠪᠠᠶᠢᠬᠤ ᠠᠴᠠ ᠪᠣᠯᠵᠦ ᠲᠤᠬᠠᠢ ᠶᠢᠨ ᠲᠠᠯᠠᠪᠠᠢ ᠶᠢ ᠬᠤᠪᠢᠷᠠᠭᠤᠯᠬᠤ ᠬᠡᠷᠡᠭᠲᠡᠢ ᠪᠣᠯ ᠤᠷᠢᠳᠠᠪᠡᠷ ᠠᠳᠡᠯ ᠤᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠳᠤ ᠲᠡᠮᠳᠡᠭ ᠲᠠᠯᠪᠢᠬᠤ ᠪᠤᠶᠤ ᠭᠠᠷ ᠤᠲᠠᠰᠤ᠂ ᠭᠡᠷᠡᠯ ᠵᠢᠷᠤᠭ ᠤᠨ ᠮᠠᠰᠢᠨ ᠢᠶᠠᠷ ᠠᠳᠡᠯ ᠤᠨ ᠲᠤᠬᠠᠢ ᠶᠢᠨ  ᠲᠠᠯᠠᠪᠠᠢ ᠶᠢᠨ ᠣᠷᠣᠨ ᠪᠠᠶᠢᠷᠢ ᠶᠢ ᠰᠡᠭᠦᠳᠡᠷᠯᠡᠵᠦ ᠠᠪᠤᠭᠰᠠᠨ ᠤ ᠳᠠᠷᠠᠭ᠎ᠠ᠂ ᠲᠡᠷᠭᠡ ᠬᠦᠰᠭᠡ ᠶᠢ ᠵᠠᠮ ᠬᠠᠷᠢᠯᠴᠠᠭ᠎ᠠ ᠶᠢ  ᠬᠠᠷᠰᠢᠯᠠᠬᠤ ᠦᠭᠡᠢ ᠭᠠᠵᠠᠷ ᠲᠤ ᠰᠢᠯᠵᠢᠭᠦᠯᠬᠦ ᠬᠡᠷᠡᠭᠲᠠᠢ᠃
     (6) ᠰᠡᠷᠡᠮᠵᠢᠯᠡᠭᠦᠯᠬᠦ ᠲᠡᠮᠳᠡᠭ ᠲᠠᠯᠪᠢᠨ᠎ᠠ᠃ ᠵᠠᠮ ᠬᠠᠷᠢᠯᠴᠠᠭᠠᠨ ᠤ ᠠᠳᠡᠯ ᠭᠠᠷᠪᠠᠯ᠂ ᠲᠡᠷᠭᠡ ᠬᠦᠰᠭᠡ ᠶᠢᠨ ᠡᠷᠭᠢᠨ ᠲᠣᠭᠤᠷᠢᠨ ᠳᠤ ᠰᠡᠷᠡᠮᠵᠢᠯᠡᠭᠦᠯᠬᠦ ᠲᠡᠮᠳᠡᠭ ᠲᠠᠯᠪᠢᠵᠦ᠂ ᠳᠠᠬᠢᠭᠠᠳ ᠠᠳᠡᠯ ᠭᠠᠷᠬᠤ ᠠᠴᠠ ᠵᠠᠶᠢᠯᠠᠰᠬᠢᠯᠭᠡᠬᠦ ᠬᠡᠷᠡᠭᠲᠠᠢ᠃
     (7) ᠲᠡᠷᠭᠡᠨ ᠤ ᠫᠠᠶᠢᠰᠠ ᠶᠢ ᠴᠡᠭᠡᠵᠢᠯᠡᠵᠦ ᠠᠪᠬᠤ ᠬᠡᠷᠡᠭᠲᠠᠢ᠃ ᠬᠡᠷᠡᠭ ᠭᠠᠷᠭᠠᠭᠰᠠᠨ ᠲᠡᠷᠭᠡ ᠲᠤᠲᠠᠭᠠᠬᠤ ᠳᠤ ᠬᠦᠷᠪᠡᠯ᠂ ᠬᠡᠷᠡᠭ ᠭᠠᠷᠭᠠᠭᠰᠠᠨ ᠲᠡᠷᠭᠡᠨ ᠤ ᠫᠠᠶᠢᠰᠠ ᠶᠢᠨ ᠨᠤᠮᠧᠷ᠂ ᠲᠡᠷᠭᠡᠨ ᠤ ᠬᠡᠯᠪᠡᠷᠢ᠂ ᠦᠡᠭᠭᠡ ᠪᠤᠳᠤᠭ ᠵᠡᠷᠭᠡ ᠭᠤᠤᠯ ᠪᠤᠯᠬᠤ ᠤᠨᠴᠠᠯᠢᠭ ᠢ ᠨᠢ ᠴᠡᠭᠡᠵᠢᠯᠡᠵᠦ ᠠᠪᠬᠤ ᠬᠡᠷᠡᠭᠲᠠᠢ᠃

     ᠬᠠᠯᠠᠭᠤᠮᠰᠤᠭ ᠰᠠᠨᠠᠭᠤᠯᠤᠮᠵᠢ
     ᠰᠢᠷᠬᠠᠳᠤᠭᠰᠠᠳ ᠢ ᠠᠪᠤᠷᠠᠬᠤ᠃ ᠵᠠᠮ ᠬᠠᠷᠢᠯᠴᠠᠭᠠᠨ ᠤ ᠠᠳᠡᠯ ᠳᠤ ᠬᠦᠮᠥᠰ ᠰᠢᠷᠬᠠᠳᠤᠭᠰᠠᠨ ᠪᠤᠯ ᠰᠢᠷᠬᠠᠳᠤᠭᠰᠠᠳ ᠢ  ᠴᠠᠭ ᠲᠤᠬᠠᠢ ᠳᠤᠨᠢ ᠠᠪᠤᠷᠠᠬᠤ ᠶᠢᠨ ᠬᠠᠮᠲᠤ 120 ᠡᠮᠴᠢᠯᠡᠭᠡᠨ ᠤ ᠪᠠᠴᠢᠮ ᠠᠪᠤᠷᠠᠬᠤ ᠳ᠋ᠢᠶᠠᠩᠬᠤᠸᠠ ᠶᠢ ᠳᠠᠷᠤᠢ ᠲᠦᠷᠭᠡᠨ ᠤᠲᠠᠰᠤᠳᠠᠬᠤ ᠬᠡᠷᠡᠭᠲᠠᠢ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ