1—8 ᠳ᠋ᠤᠭᠠᠷ ᠰᠠᠷ᠎ᠠ ᠳᠤ ᠪᠠᠶᠠᠨᠨᠠᠭᠤᠷ ᠬᠤᠲᠠ 476.2 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2015/10/12
     ᠡᠨᠡ ᠵᠢᠯ ᠳᠤ᠂ ᠪᠠᠶᠠᠨᠨᠠᠭᠤᠷ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ  ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠥᠷᠭᠦᠯᠵᠢᠯᠡᠨ ᠪᠠᠲᠤᠯᠠᠪᠠ᠃ 1-8 ᠳ᠋ᠤᠭᠠᠷ ᠰᠠᠷ᠎ᠠ ᠳᠤ ᠪᠦᠬᠦ ᠬᠤᠲᠠ 476.2 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.3%᠎ ᠪᠠᠷ ᠨᠡᠮᠡᠭᠳᠡᠪᠡ᠃      ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ 1-8 ᠳ᠋ᠤᠭᠠᠷ ᠰᠠᠷ᠎ᠠ ᠳᠤ ᠪᠦᠬᠦ ᠬᠤᠲᠠ ᠶᠢᠨ ᠪᠠᠷᠢᠯᠭ᠎ᠠ ᠶᠢᠨ ᠢᠨᠵᠧᠨᠧᠷᠢᠩ 355.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ  ᠂ ᠠᠳᠠᠯᠢ ᠬᠤᠭᠤᠴᠠᠭᠠᠨ ᠤ ᠬᠢ ᠠᠴᠠ 26.6 %᠎ ᠪᠠᠷ ᠨᠡᠮᠡᠭᠳᠡᠪᠡ︔ ᠤᠭᠰᠠᠷᠠᠭᠤᠯᠬᠤ ᠢᠨᠵᠧᠨᠧᠷᠢᠩ ᠤᠨ ᠪᠡᠯᠡ ᠣᠷᠣᠭᠤᠯᠤᠯᠲᠠ19.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.3%᠎ ᠪᠠᠷ ᠪᠠᠭᠤᠷᠠᠪᠠ︔ ᠲᠥᠬᠦᠭᠡᠷᠦᠮᠵᠢ ᠶᠢᠨ ᠠᠵᠢᠯ ᠤᠨ ᠪᠠᠭᠠᠵᠢ ᠬᠡᠷᠡᠭᠰᠡᠯ ᠬᠤᠳᠠᠯᠳᠤᠨ ᠠᠪᠬᠤ ᠳᠤ 84.2 ᠳ᠋ᠦᠩᠰᠢᠭᠤᠷ ᠲᠥᠭᠦᠷᠢᠭ ᠤᠨ  ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4 %᠎ ᠪᠠᠷ ᠪᠠᠭᠤᠷᠠᠪᠠ︔ ᠪᠤᠰᠤᠳ ᠵᠠᠷᠤᠳᠠᠯ ᠨᠢ 17.0 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.0%᠎ ᠪᠠᠷ ᠪᠠᠭᠤᠷᠠᠪᠠ᠃      ᠬᠠᠷᠢᠶᠠᠯᠠᠭᠳᠠᠬᠤ ᠬᠠᠷᠢᠴᠠᠭ᠎ᠠ ᠠᠴᠠ ᠦᠵᠡᠪᠡᠯ᠂ 1-8 ᠳ᠋ᠤᠭᠠᠷ ᠰᠠᠷ᠎ᠠ ᠳᠤ ᠪᠦᠬᠦ ᠬᠤᠲᠠ ᠶᠢᠨ  ᠭᠤᠣᠯ ᠪᠣᠯᠬᠤ ᠲᠥᠷᠥᠯ ᠵᠦᠢᠯ 18.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 74.2%᠎ ᠢᠶᠠᠷ ᠨᠡᠮᠡᠭᠳᠡᠪᠡ︔ ᠣᠷᠣᠨ ᠨᠤᠲᠤᠭ ᠤᠨ ᠲᠥᠷᠥᠯ ᠵᠦᠢᠯ 457.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ12.7%᠎ ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 96.1%᠎ ᠶᠢ ᠡᠵᠡᠯᠡᠵᠦ᠂ ᠣᠷᠣᠨ ᠨᠤᠲᠤᠭ ᠤᠨ ᠲᠥᠷᠦᠯ ᠵᠦᠢᠯ ᠤᠨ ᠪᠡᠯᠡ ᠣᠷᠣᠭᠤᠯᠤᠯᠲᠠ ᠨᠢ ᠮᠥᠨ ᠯᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠭᠤᠣᠯ ᠬᠥᠳᠡᠯᠭᠡᠭᠴᠢ ᠬᠦᠴᠦᠨ ᠪᠣᠯᠵᠠᠢ᠃      ᠠᠵᠤ ᠦᠢᠯᠡᠰ ᠤᠨ ᠪᠦᠲᠦᠴᠡ ᠶᠢᠨ ᠲᠠᠯ᠎ᠠ ᠠᠴᠠ ᠦᠵᠡᠪᠡᠯ᠂1-8 ᠳ᠋ᠤᠭᠠᠷ ᠰᠠᠷ᠎ᠠ ᠳᠤ ᠪᠦᠬᠦ ᠬᠤᠲᠠ ᠶᠢᠨ ᠨᠢᠭᠡᠳᠦᠭᠡᠷ ᠠᠵᠤ ᠦᠢᠯᠡᠰ 37.9 ᠳ᠋ᠦᠩᠰᠢᠭᠤᠷ ᠲᠥᠬᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ17.1%᠎ ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ 259.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 259.2 ᠳ᠋ᠦᠩᠰᠢᠭᠤᠷ ᠲᠦᠬᠦᠷᠢᠭ ᠨᠡᠮᠡᠭᠳᠡᠪᠡ︔ ᠭᠤᠷᠪᠠᠳᠤᠭᠠᠷ ᠠᠵᠤ ᠦᠢᠯᠡᠰ 179.0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ5.8%᠎ ᠪᠠᠷ ᠨᠡᠮᠡᠭᠳᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号