ᠬᠢᠩᠭᠠᠨ ᠠᠶᠢᠮᠠᠭ ᠤᠨ ᠡᠳ᠋ ᠤᠨ ᠵᠠᠰᠠᠭ ᠠᠴᠠ 2015 ᠣᠨ ᠤ ᠪᠠᠷᠢᠮᠵᠢᠶᠠᠵᠢᠭᠰᠠᠨ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2015/10/12
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠰᠠᠨ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠲᠦᠷᠭᠡᠳᠭᠡᠨ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠬᠢᠨᠭ᠍ᠭᠠᠨ ᠠᠶᠢᠮᠠᠭ ᠤᠨ ᠡᠳ᠋ ᠤᠨ ᠵᠠᠰᠠᠭ ᠠᠴᠠ 2015 ᠣᠨ ᠤ ᠪᠠᠷᠢᠮᠵᠢᠶᠠᠵᠢᠭᠰᠠᠨ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠪᠡᠯᠡ ᠮᠥᠩᠭᠦ ᠶᠢ 828 ᠲᠦᠮᠡᠨ ᠲᠥᠭᠦᠷᠢᠭ ᠪᠠᠭᠤᠯᠭᠠᠪᠠ᠃      ᠡᠨᠡ ᠬᠦ ᠲᠤᠰᠬᠠᠢ ᠲᠦᠷᠦᠯ ᠤᠨ ᠪᠡᠯᠡ ᠮᠥᠩᠭᠦ ᠶᠢ 2015 ᠣᠨ ᠤ 137 ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠨᠥᠬᠦᠪᠥᠷᠢ ᠳᠤ ᠬᠡᠷᠡᠭᠯᠡᠵᠤ᠂ ᠡᠭᠦᠨ ᠤ ᠬᠠᠮᠲᠤ ᠲᠦᠴᠢᠦᠸᠠᠨ ᠰᠢᠶᠠᠨ ᠤ 2014 ᠣᠨ ᠤ 1 ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠪᠥᠷᠢᠯᠡᠬᠦ ᠶᠣᠰᠣᠲᠠᠶ ᠦᠯᠦ ᠨᠥᠬᠦᠪᠥᠷᠢᠯᠡᠭᠰᠡᠨ 6 ᠲᠦᠮᠡᠨ ᠲᠥᠭᠦᠷᠢᠭ ᠤᠨ ᠪᠡᠯᠡ ᠮᠥᠩᠭᠦ ᠶᠢ ᠨᠦᠬᠦᠪᠦᠷᠢᠯᠡᠨ ᠬᠦᠢᠴᠡᠳᠭᠡᠪᠡ᠃      ᠬᠠᠮᠲᠤᠳᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠪᠠᠷᠢᠮᠵᠢᠶ᠎ᠠ ᠶᠤᠰᠤᠭᠠᠷ ᠢᠵᠢ ᠪᠦᠷᠢᠳᠦᠭᠦᠯᠬᠦ ᠪᠡᠯᠡ ᠮᠥᠩᠭᠦ ᠶᠢ ᠠᠯᠢ ᠲᠦᠷᠭᠡᠨ ᠨᠠᠶᠢᠳᠠᠪᠤᠷᠢᠵᠢᠭᠤᠯᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠦᠷᠦᠯ ᠵᠦᠢᠯ ᠤᠨ ᠵᠣᠬᠢᠶᠠᠨ ᠪᠠᠶᠢᠭᠤᠯᠤᠯᠲᠠ ᠶᠢ ᠲᠦᠷᠭᠡᠳᠭᠡᠨ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠨ᠂ ᠴᠢᠨᠠᠷ ᠲᠤᠭ᠎ᠠ ᠶᠢ ᠪᠠᠲᠤᠯᠠᠨ ᠪᠦᠲᠦᠭᠡᠨ ᠪᠠᠶᠢᠭᠤᠯᠬᠤ ᠡᠭᠦᠷᠭᠡ ᠪᠠᠨ ᠴᠠᠭ ᠲᠤᠬᠠᠢ ᠎ ᠳᠤᠨᠢ ᠪᠡᠶᠡᠯᠡᠬᠦᠯᠬᠦ ᠬᠡᠷᠡᠭᠲᠠᠢ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号