ᠳᠣᠣᠷ᠎ᠠ ᠣᠷᠣᠯᠭ᠎ᠠ ᠲᠠᠢ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠳᠤ ᠳᠤᠯᠠᠭᠠᠴᠠᠯᠤᠭᠠ ᠶᠢᠨ | ᠨᠡᠭᠦᠷᠡᠰᠦᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ | ᠲᠤᠰᠠᠳᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠶᠢᠨ ᠴᠢᠬᠤᠯᠠᠴᠢᠯᠠᠯ ᠪᠠ | ᠡᠳ᠋ ᠤᠨ ᠵᠠᠰᠠᠭ᠂ ᠠᠵᠤ ᠠᠬᠤᠢ ᠮᠡᠳᠡᠭᠡ ᠵᠠᠩᠭᠢᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠠᠵᠢᠯᠲᠠᠨ ᠤ | ᠬᠠᠮᠲᠤ ᠶᠢᠨ ᠴᠢᠷᠮᠠᠶᠢᠯᠭ᠎ᠠ ᠳᠣᠣᠷ᠎ᠠ᠂ ᠡᠵᠡᠨ᠎ᠡ ᠬᠤᠰᠢᠭᠤᠨ ᠤ 2015 ᠣᠨ ᠤ ᠳᠣᠣᠷ᠎ᠠ ᠣᠷᠣᠯᠭ᠎ᠠ ᠲᠠᠢ ᠮᠠᠯᠵᠢᠬᠤ | ᠲᠠᠷᠢᠶᠠᠯᠠᠬᠤ ᠡᠷᠦᠬᠡ ᠶᠢᠨ ᠡᠪᠦᠯ ᠤᠨ ᠤᠯᠠᠷᠢᠯ ᠤᠨ ᠳᠤᠯᠠᠭᠠᠴᠠᠯᠤᠭᠠ ᠶᠢᠨ ᠨᠡᠭᠦᠷᠡᠰᠦ ᠶᠢᠨ ᠨᠥᠬᠦᠪᠥᠷᠢ ᠪᠡᠯᠡ | ᠮᠥᠩᠭᠦ ᠶᠢ 9 ᠳ᠋ᠦ᠋ᠭᠡᠷ ᠰᠠᠷ᠎ᠠ ᠶᠢᠨ 30 ᠤ ᠡᠳᠦᠷ ᠲᠤ ︽ᠪᠦᠬᠦᠨ ᠳᠤ ᠳᠣᠭᠢᠷᠠᠬᠤ ᠺᠠᠷᠲ︾ ᠢᠶᠠᠷ ᠨᠢᠭᠡᠨᠲᠡ | ᠪᠦᠬᠦᠨ ᠢ ᠮᠠᠯᠵᠢᠬᠤ ᠲᠠᠷᠢᠶᠠᠯᠠᠬᠤ ᠡᠷᠦᠬᠡ ᠶᠢᠨ ᠭᠠᠷ ᠲᠤ ᠥᠭᠴᠦ᠂ ᠨᠡᠶᠢᠲᠡ 76.32 ᠲᠦᠮᠡᠨ ᠲᠥᠭᠦᠷᠢᠭ ᠤᠨ | ᠨᠦᠬᠦᠪᠦᠷᠢ ᠢ ᠲᠠᠷᠬᠠᠭᠠᠵᠤ᠂ 8 ᠰᠤᠮᠤ ᠪᠠᠯᠭᠠᠰᠤ 19 ᠭᠠᠴᠠᠭ᠎ᠠ ᠲᠣᠰᠬᠤᠨ ᠤ1272 ᠮᠠᠯᠵᠢᠬᠤ ᠲᠠᠷᠢᠶᠠᠯᠠᠬᠤ | ᠡᠷᠦᠬᠡ ᠠᠰᠢᠭ ᠬᠦᠷᠲᠡᠪᠡ᠃ | ᠲᠤᠰ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠨᠢ 600 ᠲᠥᠭᠦᠷᠢᠭ / ᠡᠷᠦᠬᠡ / ᠵᠢᠯ ᠪᠠᠶᠢᠵᠤ᠂ | ᠨᠥᠬᠦᠪᠥᠷᠢ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤ ᠢᠵᠢ | ᠪᠦᠷᠢᠯᠳᠦᠭᠦᠯᠵᠦ᠂ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠪᠡᠯᠡ ᠮᠥᠩᠭᠦ 15.66 | ᠲᠦᠮᠡᠨ ᠲᠥᠭᠦᠷᠢᠭ᠂ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ 23.49 | ᠲᠦᠮᠡᠨ ᠲᠥᠭᠦᠷᠢᠭ᠂ ᠬᠤᠰᠢᠭᠤᠨ ᠤ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ 37.17 ᠲᠦᠮᠡᠨ ᠲᠥᠭᠦᠷᠢᠭ | ᠪᠣᠯᠤᠨ᠎ᠠ᠃ |