ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠲᠤ ᠶᠢᠨ ᠲᠡᠮᠦᠷ ᠵᠠᠮ — ᠬᠦᠬᠡᠬᠤᠲᠠ ᠠᠴᠠ | ᠴᠢᠭᠤᠯᠭᠠᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠴᠢᠬᠤᠯᠠ ᠪᠠᠷᠢᠯᠭ᠎ᠠ | ᠪᠣᠯᠬᠤ ᠬᠦᠬᠡᠬᠤᠲᠠ ᠵᠡᠭᠦᠨ ᠥᠷᠲᠡᠭᠡ ᠶᠢᠨ ᠥᠭᠡᠷᠡᠴᠢᠯᠡᠬᠦ ᠪᠠᠷᠢᠯᠭ᠎ᠠ ᠶᠢᠨ ᠠᠵᠢᠯ ᠤᠨ ᠴᠠᠭ ᠬᠤᠭᠤᠴᠠᠭ᠎ᠠ ᠶᠣᠰᠣᠭᠠᠷ | ᠪᠡᠶᠡᠯᠡᠭᠦᠯᠬᠦ ᠲᠠᠢ ᠲᠣᠬᠢᠷᠠᠯᠴᠠᠭᠤᠯᠬᠤ ᠶᠢᠨ ᠲᠤᠰᠠᠳᠠ᠂ 11 ᠳ᠋ᠦ᠋ᠭᠡᠷ ᠰᠠᠷ᠎ᠠ ᠶᠢᠨ 1 ᠡᠳᠦᠷ ᠠᠴᠠ ᠡᠬᠢᠯᠡᠨ᠂ | ᠬᠥᠬᠡᠬᠤᠲᠠ ᠠᠴᠠ ᠡᠷᠢᠶᠡᠨ ᠬᠦᠷᠬᠦ 6856/5 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠬᠡᠰᠡᠭ | ᠵᠣᠭᠰᠣᠬᠤ ᠦᠷᠲᠡᠭᠡ ᠪᠠ ᠠᠶᠠᠯᠠᠬᠤ ᠴᠠᠭ ᠤᠨ ᠬᠤᠪᠢᠶᠠᠷᠢ ᠳᠤ ᠲᠣᠬᠢᠷᠠᠭᠤᠯᠤᠯᠲᠠ ᠬᠢᠬᠦ ᠪᠠᠷ ᠪᠣᠢ᠃ 11 ᠳ᠋ᠦ᠋ᠭᠡᠷ | ᠰᠠᠷ᠎ᠠ ᠶᠢᠨ 1 ᠡᠳᠦᠷ ᠠᠴᠠ ᠡᠬᠢᠯᠡᠨ᠂ ᠬᠥᠬᠡᠬᠤᠲᠠ ᠠᠴᠠ ᠡᠷᠢᠶᠡᠨ ᠬᠦᠷᠬᠦ 6856/5 ᠤᠳᠠᠭ᠎ᠠ ᠶᠢᠨ | ᠠᠶᠠᠨᠴᠢᠳ ᠤᠨ ᠴᠤᠪᠤᠭ᠎ᠠ ᠲᠡᠷᠭᠡ ᠬᠦᠬᠡᠬᠤᠲᠠ ᠵᠡᠭᠦᠨ ᠥᠷᠲᠡᠭᠡ ᠳᠤ ᠵᠣᠭᠰᠤᠬᠤ ᠪᠠᠨ ᠪᠣᠯᠢᠨ᠎ᠠ᠃ 6856 | ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠬᠥᠬᠡᠬᠤᠲᠠ ᠥᠷᠲᠡᠭᠡ ᠠᠴᠠ ᠬᠦᠳᠡᠯᠬᠦ ᠴᠠᠭ ᠢ 10 ᠴᠠᠭ | 04 ᠮᠢᠨᠦ᠋ᠲ ᠪᠣᠯᠭᠠᠨ ᠲᠣᠬᠢᠷᠠᠭᠤᠯᠤᠨ᠎ᠠ᠃ 6855 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢᠨ ᠴᠢ | ᠰᠢᠶᠠ ᠶᠢᠩ ᠤᠨ ᠵᠡᠭᠦᠨ ᠥᠷᠲᠡᠭᠡᠨ ᠳᠤ ᠬᠦᠷᠬᠦ ᠴᠠᠭ ᠢ 17 ᠴᠠᠭ 43 ᠮᠢᠨᠦ᠋ᠲ᠂ ᠬᠦᠳᠡᠯᠬᠦ ᠴᠠᠭ ᠢ 18 ᠴᠠᠭ | 04 ᠮᠢᠨᠦ᠋ᠲ ᠪᠣᠯᠭᠠᠵᠤ᠂ ᠡᠴᠦᠰ ᠤᠨ ᠬᠥᠬᠡᠬᠤᠲᠠ ᠥᠷᠲᠡᠭᠡ ᠳᠤ ᠬᠦᠷᠬᠦ ᠴᠠᠭ ᠢ 18 ᠴᠠᠭ 49 ᠮᠢᠨᠦ᠋ᠲ | ᠪᠣᠯᠭᠠᠵᠤ᠂ ᠪᠤᠰᠤᠳ ᠢ ᠨᠢ ᠬᠤᠪᠢᠷᠠᠭᠤᠯᠬᠤ ᠦᠭᠡᠶ᠃ ᠬᠦᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠥᠷᠭᠡᠨ | ᠣᠯᠠᠨ ᠠᠶᠠᠨᠴᠢᠳ ᠲᠤ ᠰᠠᠨᠠᠭᠤᠯᠬᠤ ᠨᠢ᠂ ᠬᠠᠮᠢᠶ᠎ᠠ ᠪᠦᠬᠦᠢ ᠠᠶᠠᠨᠴᠢᠳ ᠤᠨ ᠴᠤᠪᠤᠭ᠎ᠠ ᠲᠡᠷᠭᠡ ᠳᠤ | ᠲᠣᠬᠢᠷᠠᠭᠤᠯᠤᠯᠲᠠ ᠬᠢᠭᠰᠡᠨ ᠴᠠᠭ ᠬᠤᠭᠤᠴᠠᠭ᠎ᠠ ᠪᠣᠯᠣᠨ ᠵᠣᠭᠰᠤᠬᠤ ᠥᠷᠲᠡᠭᠡ ᠶᠢ ᠴᠠᠭ ᠲᠣᠬᠠᠢ ᠳᠤᠨᠢ ᠠᠩᠬᠠᠷᠴᠤ᠂ | ᠰᠢᠨ᠎ᠡ ᠠᠶᠠᠯᠠᠯ ᠤᠨ ᠴᠠᠭ ᠤᠨ ᠬᠤᠪᠢᠶᠠᠷᠢ ᠶᠢ ᠳᠤᠮᠳᠠᠳᠤ ᠤᠯᠤᠰ ᠤᠨ ᠲᠡᠮᠦᠷ ᠵᠠᠮ ᠤᠨ ᠠᠶᠠᠨᠴᠢᠳ ᠲᠤ | ᠦᠢᠯᠡᠴᠢᠯᠡᠬᠦ ᠲᠥᠪ ᠤᠨ ᠰᠦᠯᠵᠢᠶ᠎ᠡ ︵www.12306.cn︶ ᠠᠴᠠ ᠪᠠᠶᠢᠴᠠᠭᠠᠨ ᠯᠠᠪᠯᠠᠵᠤ ᠪᠣᠯᠤᠨ᠎ᠠ᠃ |