1- 9 ᠳ᠋ᠦ᠋ᠭᠡᠷ ᠰᠠᠷ᠎ᠠ ᠳᠤ᠂ ᠡᠯ᠎ᠡ ᠱᠠᠲᠤᠨ ᠤ ᠡᠳ᠋ ᠤᠨ ᠵᠠᠰᠠᠭ ᠵᠢᠯ ᠤᠨ ᠡᠬᠢᠨ ᠤ ᠲᠥᠰᠦᠪ ᠢ ᠪᠠᠭᠤᠯᠭᠠᠬᠤ | ᠠᠬᠢᠴᠠ ᠪᠠᠨ ᠲᠥᠷᠭᠡᠳᠬᠡᠵᠦ᠂ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠢᠳᠡᠪᠬᠢᠲᠡᠶ ᠪᠠᠷ ᠠᠮᠢᠯᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠪᠡᠯᠡ ᠮᠥᠩᠭᠦ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠵᠠᠷᠤᠯᠭ᠎ᠠ ᠶᠢ ᠨᠡᠯᠢᠶᠡᠳ ᠰᠠᠶᠢᠨ ᠪᠠᠲᠤᠯᠠᠪᠠ᠃ | ᠰᠢᠯᠢ ᠶᠢᠨ ᠭᠤᠣᠯ ᠠᠶᠢᠮᠠᠭ ᠤᠨ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ | ᠂ ᠰᠢᠨᠵᠢᠯᠡᠭᠡ ᠮᠡᠷᠭᠡᠵᠢᠯ ᠰᠣᠶᠣᠯ ᠪᠣᠯᠪᠠᠰᠤᠷᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠠᠪᠤᠳᠠᠯ᠂ ᠵᠠᠮ | ᠲᠡᠭᠡᠭᠡᠪᠦᠷᠢ᠂ ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠠᠷᠠᠳ ᠤᠨ ᠠᠮᠢᠳᠤᠷᠠᠯ ᠤᠨ ᠵᠠᠷᠤᠯᠭ᠎ᠠ 1,221,237 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 160,576 ᠲᠦᠮᠡᠨ ᠲᠥᠭᠦᠷᠢᠭ ᠨᠡᠮᠡᠭᠳᠡᠵᠦ᠂ 15.1% ᠪᠠᠷ ᠨᠡᠮᠡᠭᠳᠡᠪᠡ᠂ ᠡᠨᠡ ᠨᠢ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 81.1% ᠶᠢ ᠡᠵᠡᠯᠡᠪᠡ᠃ |