ᠮᠠᠨᠵᠤᠤᠷ ᠪᠣᠭᠤᠮᠲᠠ ᠶᠢᠨ ᠪᠦᠷᠢᠳᠬᠡᠭᠰᠡᠨ ᠢ ᠦᠨᠳᠦᠰᠦᠯᠡᠪᠡᠯ᠂ 1 —8 ᠳ᠋ᠤᠭᠠᠷ ᠰᠠᠷ᠎ᠠ ᠪᠣᠯᠲᠠᠯ᠎ᠠ ᠮᠠᠨᠵᠤᠤᠷ | ᠪᠣᠭᠤᠮᠲᠠ ᠠᠷᠠᠳ ᠤᠨ ᠵᠣᠭᠤᠰ ᠢᠶᠠᠷ ᠨᠡᠶᠢᠲᠡ 533.1 ᠲᠦᠮᠡᠨ ᠲᠥᠭᠦᠷᠢᠭ ᠤᠨ ᠬᠢᠲᠠᠳ ᠪᠡᠯᠡᠨ ᠡᠮ | ᠭᠠᠳᠠᠭᠠᠳᠤ ᠳᠤ ᠭᠠᠷᠭᠠᠵᠤ᠂ 24.2% ᠢᠶᠠᠷ ᠨᠡᠮᠡᠭᠳᠡᠪᠡ᠃ ᠲᠦᠷᠦᠭᠦᠦ ᠨᠠᠢᠮᠠᠨ ᠰᠠᠷ᠎ᠠ ᠳᠤ᠂ ᠮᠠᠨᠵᠤᠤᠷ | ᠪᠣᠭᠤᠮᠲᠠ ᠠᠴᠠ ᠭᠠᠳᠠᠭᠠᠳᠤ ᠳᠤ ᠭᠠᠷᠭᠠᠭᠰᠠᠨ ᠬᠢᠲᠠᠳ ᠪᠡᠯᠡᠨ ᠡᠮ ᠤᠨ ᠡᠵᠡᠩᠨᠡᠬᠦ ᠭᠤᠣᠯ ᠴᠣᠭᠴᠠ ᠨᠢ | ᠪᠦᠬᠦᠨ ᠢᠶᠠᠷ ᠢᠶᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠᠶᠢᠵᠤ᠂ ᠵᠣᠷᠢᠭᠰᠠᠨ ᠤᠯᠤᠰ ᠨᠢ ᠣᠷᠣᠰ | ᠪᠣᠯᠣᠨ᠎ᠠ᠃ ᠮᠠᠨᠵᠤᠤᠷ ᠪᠣᠭᠤᠮᠲᠠ ᠠᠴᠠ ᠣᠷᠣᠰ ᠲᠤ ᠭᠠᠷᠭᠠᠬᠤ ᠬᠢᠲᠠᠳ ᠪᠡᠯᠡᠨ ᠡᠮ ᠤᠨ ᠠᠷᠠᠯᠵᠢᠶᠠᠨ ᠤ ᠥᠷᠲᠡᠭ | ᠨᠢ ᠪᠦᠬᠦ ᠤᠯᠤᠰ ᠤᠨ ᠠᠳᠠᠯᠢ ᠬᠤᠭᠤᠴᠠᠭᠠᠨ ᠤ ᠣᠷᠣᠰ ᠲᠤ ᠭᠠᠷᠭᠠᠭᠰᠠᠨ ᠬᠢᠲᠠᠳ ᠪᠡᠯᠡᠨ ᠡᠮ ᠤᠨ 30.6% ᠶᠢ | ᠡᠵᠡᠯᠡᠪᠡ᠃ ᠠᠷᠠᠯᠵᠢᠶᠠᠨ ᠤ ᠠᠷᠭ᠎ᠠ ᠮᠠᠶ᠋ᠢᠭ ᠠᠴᠠ ᠠᠪᠴᠤ ᠦᠵᠡᠪᠡᠯ᠂ ᠡᠩ ᠤᠨ ᠠᠷᠠᠯᠵᠢᠶᠠᠨ ᠤ ᠠᠷᠭ᠎ᠠ ᠮᠠᠶ᠋ᠢᠭ ᠢᠶᠠᠷ | ᠭᠠᠳᠠᠭᠠᠳᠤ ᠳᠤ ᠭᠠᠷᠭᠠᠭᠰᠠᠨ ᠨᠢ ᠨᠠᠢᠮᠠᠨ ᠬᠤᠪᠢ ᠶᠢ ᠳᠠᠪᠠᠭᠰᠠᠨ ᠪᠠᠶᠢᠨ᠎ᠠ᠃ ᠡᠩ ᠤᠨ ᠠᠷᠠᠯᠵᠢᠶᠠᠨ ᠤ ᠠᠷᠭ᠎ᠠ | ᠮᠠᠶ᠋ᠢᠭ ᠢᠶᠠᠷ ᠭᠠᠳᠠᠭᠠᠳᠤ ᠳᠤ ᠭᠠᠷᠭᠠᠭᠰᠠᠨ ᠬᠢᠲᠠᠳ ᠪᠡᠯᠡᠨ ᠡᠮ ᠤᠨ ᠠᠷᠠᠯᠵᠢᠶᠠᠨ ᠤ ᠥᠷᠲᠡᠭ ᠨᠢ 447 ᠲᠦᠮᠡᠨ | ᠲᠥᠭᠦᠷᠢᠭ ᠪᠠᠶᠢᠵᠤ᠂ 26.1% ᠪᠠᠷ ᠨᠡᠮᠡᠭᠳᠡᠨ᠂ ᠮᠠᠨᠵᠤᠤᠷ ᠪᠣᠭᠤᠮᠲᠠ ᠶᠢᠨ ᠠᠳᠠᠯᠢ ᠬᠤᠭᠤᠴᠠᠭᠠᠨ ᠤ | ᠭᠠᠳᠠᠭᠠᠳᠤ ᠳᠤ ᠭᠠᠷᠭᠠᠭᠰᠠᠨ ᠬᠢᠲᠠᠳ ᠪᠡᠯᠡᠨ ᠡᠮ ᠤᠨ ᠠᠷᠠᠯᠵᠢᠶᠠᠨ ᠤ ᠥᠷᠲᠡᠭ ᠤᠨ 83.8% ᠶᠢ ᠡᠵᠡᠯᠡᠪᠡ︔ | ᠬᠢᠯᠢ ᠬᠢᠵᠠᠭᠠᠷ ᠤᠨ ᠪᠠᠭ᠎ᠠ ᠲᠣᠭᠠᠨ ᠤ ᠠᠷᠠᠯᠵᠢᠶ᠎ᠠ ᠪᠠᠷ ᠭᠠᠳᠠᠭᠠᠳᠤ ᠳᠤ ᠭᠠᠷᠭᠠᠭᠰᠠᠨ ᠨᠢ 86 ᠲᠦᠮᠡᠨ ᠲᠥᠭᠦᠷᠢᠭ | ᠪᠠᠶᠢᠵᠤ᠂ 15.5% ᠪᠠᠷ ᠨᠡᠮᠡᠭᠳᠡᠵᠦ᠂ 16.2% ᠢ ᠡᠵᠡᠯᠡᠪᠡ᠃ ᠠᠵᠤ ᠠᠬᠤᠶᠢᠯᠠᠯ ᠤᠨ ᠬᠠᠷᠢᠶ᠎ᠠ ᠭᠠᠵᠠᠷ ᠠᠴᠠ | ᠨᠢ ᠠᠪᠴᠤ ᠦᠵᠡᠪᠡᠯ᠂ ᠬᠠᠷᠠᠮᠥ᠋ᠷᠡᠨ ᠤ ᠠᠵᠤ ᠠᠬᠤᠶᠢᠯᠠᠯ ᠭᠠᠳᠠᠭᠠᠳᠤ ᠳᠤ ᠭᠠᠷᠭᠠᠬᠤ ᠶᠢᠨ ᠳᠠᠭᠠᠭᠤᠯᠤᠭᠴᠢ ᠪᠣᠯᠵᠤ | ᠪᠤᠢ᠃ 2015 ᠣᠨ ᠤ 1 — 8 ᠳ᠋ᠤᠭᠠᠷ ᠰᠠᠷ᠎ᠠ ᠪᠣᠯᠲᠠᠯ᠎ᠠ᠂ ᠮᠠᠨᠵᠤᠤᠷ ᠪᠣᠭᠤᠮᠲᠠ ᠳᠠᠬᠢ ᠬᠠᠷᠠᠮᠥ᠋ᠷᠡᠨ ᠤ ᠠᠵᠤ | ᠠᠬᠤᠶᠢᠯᠠᠯ ᠤᠨ ᠭᠠᠳᠠᠭᠠᠳᠤ ᠳᠤ ᠭᠠᠷᠭᠠᠭᠰᠠᠨ ᠬᠢᠲᠠᠳ ᠪᠡᠯᠡᠨ ᠡᠮ ᠠᠷᠠᠯᠵᠢᠶᠠᠨ ᠤ ᠥᠷᠲᠡᠭ ᠨᠢ 378.1 ᠲᠦᠮᠡᠨ | ᠲᠥᠭᠦᠷᠢᠭ ᠪᠠᠶᠢᠵᠤ᠂ 39.5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠮᠠᠨᠵᠤᠤᠷ ᠪᠣᠭᠤᠮᠲᠠ ᠶᠢᠨ | ᠭᠠᠳᠠᠭᠠᠳᠤ ᠳᠤ ᠭᠠᠷᠭᠠᠭᠰᠠᠨ ᠬᠢᠲᠠᠳ ᠪᠡᠯᠡᠨ ᠡᠮ ᠤᠨ ᠠᠷᠠᠯᠵᠢᠶᠠᠨ ᠤ ᠥᠷᠲᠡᠭ ᠤᠨ70.9% ᠶᠢ ᠡᠵᠡᠯᠡᠪᠡ︔ | ᠥᠪᠥᠷ ᠮᠣᠩᠭᠤᠯ ᠤᠨ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠭᠰᠠᠨ ᠨᠢ 91.9 ᠲᠦᠮᠡᠨ ᠲᠥᠭᠦᠷᠢᠭ ᠪᠠᠶᠢᠵᠤ᠂ | 3.08% ᠪᠠᠷ ᠪᠠᠭᠤᠷᠠᠵᠤ᠂ 17.2% ᠢ ᠡᠵᠡᠯᠡᠪᠡ︔ ᠭᠤᠸᠠᠩᠳᠦ᠋ᠩ ᠤᠨ ᠠᠵᠤ ᠠᠬᠤᠶᠢᠯᠠᠯ ᠤᠨ | ᠭᠠᠳᠠᠭᠠᠳᠤ ᠳᠤ ᠭᠠᠷᠭᠠᠭᠰᠠᠨ ᠨᠢ 63.1 ᠲᠦᠮᠡᠨ ᠲᠥᠭᠦᠷᠢᠭ ᠪᠠᠶᠢᠵᠤ᠂ 0. 4% ᠪᠠᠷ ᠪᠠᠭᠤᠷᠠᠵᠤ᠂ | 11.9% ᠶᠢ ᠡᠵᠡᠯᠡᠪᠡ᠃ |