ᠣᠳᠣᠬᠠᠨ ᠤ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠳᠡᠮᠵᠢᠬᠦ ᠶᠢᠨ ᠲᠤᠰᠠᠳᠠ᠂ | ᠰᠢᠯᠢ ᠶᠢᠨ ᠭᠤᠣᠯ ᠠᠶᠢᠮᠠᠭ ᠣᠨᠴᠠ ᠶᠡᠭᠡ ᠭᠠᠩ ᠲᠠᠢ ᠲᠡᠮᠡᠴᠡᠬᠦ ᠲᠤᠰᠠᠯᠠᠮᠵᠢ ᠶᠢᠨ ᠵᠠᠷᠤᠳᠠᠯ 1000 ᠲᠦᠮᠡᠨ | ᠲᠦᠬᠦᠷᠢᠭ ᠪᠠᠴᠢᠮ ᠪᠠᠭᠤᠯᠭᠠᠪᠠ᠂ ᠡᠭᠦᠨ ᠳᠤ᠄ ᠰᠥᠨᠢᠳ ᠪᠠᠷᠠᠭᠤᠨ ᠬᠤᠰᠢᠭᠤᠨ ᠳᠤ 150 ᠲᠦᠮᠡᠨ ᠲᠥᠭᠦᠷᠢᠭ᠂ | ᠰᠦᠨᠢᠳ ᠵᠡᠭᠦᠨ ᠬᠤᠰᠢᠭᠤᠨ ᠳᠤ 150 ᠲᠦᠮᠡᠨ ᠲᠥᠭᠦᠷᠢᠭ᠂ ᠬᠦᠪᠡᠭᠡᠲᠦ ᠰᠢᠷ᠎ᠠ ᠬᠤᠰᠢᠭᠤᠨ ᠳᠤ 160 | ᠲᠦᠮᠡᠨ ᠲᠥᠭᠦᠷᠢᠭ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ 130 ᠲᠦᠮᠡᠨ ᠲᠥᠭᠦᠷᠢᠭ᠂ ᠲᠠᠶᠢᠫᠤᠰᠧ | ᠬᠤᠰᠢᠭᠤᠨ ᠳᠤ 100 ᠲᠦᠮᠡᠨ ᠲᠥᠭᠦᠷᠢᠭ᠂ ᠰᠢᠯᠤᠭᠤᠠ ᠬᠥᠬᠡ ᠬᠤᠰᠢᠭᠤᠨ ᠳᠤ 100 ᠲᠦᠮᠡᠨ ᠲᠥᠭᠦᠷᠢᠭ᠂ | ᠰᠢᠯᠢ ᠶᠢᠨ ᠬᠤᠲᠠ ᠳᠤ 100 ᠲᠦᠮᠡᠨ ᠲᠥᠭᠦᠷᠢᠭ᠂ ᠠᠪᠠᠭ᠎ᠠ ᠬᠤᠰᠢᠭᠤ ᠳᠤ 60 ᠲᠦᠮᠡᠨ ᠲᠥᠭᠦᠷᠢᠭ᠂ ᠵᠡᠭᠦᠨ | ᠦᠵᠦᠮᠦᠴᠢᠨ ᠬᠤᠰᠢᠭᠤᠨ ᠳᠤ 50 ᠲᠦᠮᠡᠨ ᠲᠥᠭᠦᠷᠢᠭ ᠪᠠᠭᠤᠯᠭᠠᠪᠠ᠃ ᠡᠳᠡᠭᠡᠷ ᠪᠡᠯᠡ ᠮᠥᠩᠭᠦ ᠶᠢ ᠭᠠᠩ ᠲᠠᠢ | ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠲᠤᠰᠬᠠᠢ ᠵᠦᠢᠯ ᠢᠶᠠᠷ | ᠬᠡᠷᠡᠭᠯᠡᠵᠦ᠂ ᠭᠠᠩ ᠲᠠᠢ ᠲᠡᠮᠡᠴᠡᠬᠦ ᠠᠴᠠ ᠪᠣᠯᠵᠤ ᠪᠠᠴᠢᠮ ᠪᠠᠶᠢᠳᠠᠯ ᠢ ᠠᠷᠭᠠᠴᠠᠬᠤ ᠴᠢᠬᠤᠯᠠᠲᠠᠢ ᠠᠴᠠ ᠪᠣᠯᠵᠤ | ᠪᠠᠶᠢᠭᠤᠯᠬᠤ ᠤᠰᠤ ᠲᠠᠲᠠᠬᠤ ᠥᠷᠲᠡᠭᠡ᠂ ᠭᠤᠣᠯ ᠤᠨ ᠬᠠᠰᠢᠯᠭ᠎ᠠ᠂ ᠤᠰᠤ ᠳᠠᠮᠵᠢᠭᠤᠯᠬᠤ ᠰᠤᠪᠠᠭ᠂ ᠬᠤᠳᠳᠤᠭ᠂ | ᠵᠢᠵᠢᠭ ᠨᠠᠭᠤᠷ᠂ ᠪᠣᠷᠣᠭᠠᠨ ᠤ ᠤᠰᠤ ᠴᠤᠭᠯᠠᠭᠤᠯᠬᠤ ᠪᠡᠯᠡᠳᠬᠡᠮᠵᠢ ᠵᠡᠷᠭᠡ ᠶᠢᠨ ᠲᠤᠰᠠᠯᠠᠮᠵᠢ ᠶᠢ ᠪᠠᠭᠲᠠᠭᠠᠪᠠ᠃ | ᠡᠭᠦᠨ ᠤ ᠬᠠᠮᠲᠤ ᠬᠠᠮᠢᠶ᠎ᠠ ᠪᠦᠬᠦᠢ ᠭᠠᠵᠠᠷ ᠣᠷᠣᠨ ᠤ ᠡᠳ᠋ ᠤᠨ ᠵᠠᠰᠠᠭ᠂ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠳ ᠤᠨ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ︽ᠣᠨᠴᠠ ᠶᠡᠭᠡ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ ᠲᠤᠰᠠᠯᠠᠮᠵᠢ ᠶᠢᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ︵ᠡᠳ᠋ ᠲᠠᠷᠢᠶᠠᠯᠠᠩ ﹇2011 | ﹈ 328 ᠳ᠋ᠤᠭᠠᠷ ᠲᠤᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠨᠡ ᠬᠦ ᠪᠡᠯᠡ | ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠲᠤᠰᠬᠠᠶ ᠵᠤᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ |