ᠬᠦᠯᠦᠨ ᠪᠦᠢᠷ ᠬᠤᠲᠠ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠦᠭᠡᠷᠡᠴᠢᠯᠡᠯᠲᠡ ᠶᠢᠨ ᠠᠵᠢᠯ ᠢ ᠢᠳᠡᠪᠬᠢᠲᠠᠢ ᠪᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2015/10/14
     ᠬᠦᠯᠦᠨ ᠪᠤᠶᠢᠷ ᠬᠤᠲᠠ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠢᠳᠡᠪᠬᠢᠲᠠᠢ ᠪᠠᠷ ᠳᠦᠯᠬᠢᠨ‌ᠠᠬᠢᠭᠤᠯᠬᠤ ᠶᠢᠨ ᠲᠤᠰᠠᠳᠠ᠂ ᠦᠨ᠎ᠡ ᠬᠠᠩᠰᠢ ᠶᠢᠨ  ᠲᠤᠭᠳᠠᠯᠴᠠᠭ᠎ᠠ ᠶᠢᠨ ᠲᠤᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠦ᠂ ᠡᠬᠢ ᠪᠠᠶᠠᠯᠢᠭ ᠢ ᠠᠷᠪᠢᠯᠠᠬᠤ ᠨᠡᠶᠢᠭᠡᠮ ᠤᠨ  ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠰᠠᠭᠤᠭᠠᠯᠢ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠤᠰᠤ ᠶᠢ ᠠᠷᠪᠢᠯᠠᠵᠦ ᠬᠡᠷᠡᠭᠯᠡᠬᠦ ᠶᠢ ᠠᠬᠢᠭᠤᠯᠤᠨ ᠤᠰᠤᠨ ᠤ ᠡᠬᠢ ᠪᠠᠶᠠᠯᠢᠭ ᠢ ᠠᠰᠢᠭᠯᠠᠬᠤ ᠪᠦᠲᠦᠮᠵᠢ ᠶᠢ ᠳᠡᠭᠡᠭᠰᠢᠯᠡᠭᠦᠯᠦᠨ᠂ ᠦᠪᠦᠷ ᠮᠤᠩᠭᠤᠯ ᠤᠨ ᠦᠪᠡᠷᠡᠳᠡᠭᠡᠨ ᠵᠠᠰᠠᠬᠤ ᠤᠷᠤᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ︽ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠶᠢᠨ ᠳᠦᠷᠢᠮ ᠢ ᠪᠦᠬᠦ ᠲᠠᠯ᠎ᠠ ᠪᠠᠷ ᠶᠠᠪᠣᠭᠳᠠᠭᠤᠯᠬᠤ ᠪᠠ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ ︾ ︵ᠦᠪᠦᠷ ᠬᠦᠭᠵᠢᠭᠦᠯᠦᠯᠲᠡ ᠦᠭᠡᠷᠡᠴᠢᠯᠡᠯᠲᠡ ᠦᠨ᠎ᠡ ᠦᠰᠦᠭ ﹇᠎ 2015﹈ 536 ᠳ᠋ᠤᠭᠠᠷ ᠲᠤᠭᠠᠲᠦ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ ᠂ ᠬᠦᠯᠦᠨ ᠪᠦᠢᠷ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠡᠲᠡ ᠶᠢᠨ ᠵᠦᠪᠯᠡᠯ᠂ ᠤᠰᠤᠨ ᠠᠰᠢᠭᠯᠠᠯᠲᠠ ᠶᠢᠨ ᠲᠤᠪᠴᠢᠶ᠎ᠡ ᠨᠢ ᠬᠦᠯᠦᠨ ᠪᠤᠶᠢᠷ ᠬᠤᠲᠠ ᠶᠢᠨ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠶᠢ ᠬᠡᠷᠡᠭᠵᠢᠭᠦᠯᠬᠦ ᠨᠦᠭᠦᠴᠡᠯ ᠢ ᠪᠦᠷᠢᠯᠳᠦᠭᠦᠯᠦᠭᠰᠡᠨ ᠬᠠᠶᠢᠯᠠᠷ ᠲᠤᠭᠤᠷᠢᠭ᠂ ᠶᠠᠭᠰᠢ ᠬᠤᠲᠠ᠂ ᠵᠠᠯᠠᠨ ᠠᠶᠢᠯ ᠬᠤᠲᠠ᠂ ᠡᠷᠭᠦᠨ᠎ᠡ ᠬᠤᠲᠠ᠂ ᠭᠡᠭᠡᠨ ᠭᠤᠣᠯ ᠬᠤᠲᠠ ᠶᠢ ᠢᠳᠡᠪᠬᠢᠲᠠᠢ ᠪᠠᠷ ᠵᠤᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠦᠨ᠎ᠡ ᠵᠢᠨ‌‍ᠲ᠋ᠦ᠋ᠷᠢᠮ ᠢ ᠶᠠᠪᠤᠭᠳᠠᠭᠤᠯᠬᠤ ᠪᠠ ᠳᠡᠭᠦᠯᠳᠡᠷᠵᠢᠭᠦᠯᠬᠦ ᠠᠵᠢᠯ ᠢ ᠠᠯᠬᠤᠮ ᠠᠯᠬᠤᠮ ᠢᠶᠠᠷ ᠦᠷᠨᠢᠭᠦᠯᠦᠪᠡ᠃ ᠡᠯ᠎ᠡ ᠬᠠᠮᠢᠶ᠎ᠠ ᠪᠦᠬᠦᠢ ᠬᠤᠰᠢᠭᠤ ᠬᠤᠲᠠ ᠲᠤᠭᠤᠷᠢᠭ ᠤᠨ ᠦᠨ᠎ᠡ ᠬᠠᠩᠰᠢ ᠶᠢᠨ ᠪᠠ ᠤᠰᠤ ᠬᠠᠩᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠭᠠᠵᠠᠷ ᠤᠷᠤᠨ ᠤ ᠰᠠᠭᠤᠭᠠᠯᠢ ᠠᠷᠠᠳ ᠤᠨ ᠤᠰᠤᠨ ᠤ ᠱᠠᠲᠤᠯᠢᠭ ᠥᠨ᠎ᠡ ᠶᠢᠨ ᠪᠤᠲᠠᠳᠠᠢ ᠬᠡᠷᠡᠭᠵᠢᠭᠦᠯᠬᠦ ᠲᠦᠰᠦᠯ ᠢ ᠲᠤᠭᠳᠠᠭᠠᠭᠰᠠᠨ ᠤ ᠵᠡᠷᠭᠡ ᠪᠠᠷ ᠦᠪᠡᠷ ᠤᠨ ᠦᠷᠲᠡᠭ ᠲᠤ ᠬᠢᠨᠠᠯᠲᠠ ᠲᠠᠯᠪᠢᠵᠦ ᠬᠢᠨᠠᠨ ᠪᠠᠶᠢᠴᠠᠭᠠᠬᠤ ᠪᠠ ᠦᠨ᠎ᠡ ᠬᠠᠩᠰᠢ ᠶᠢᠨ ᠲᠤᠬᠢᠷᠠᠭᠤᠯᠤᠯᠲᠠ ᠬᠢᠬᠦ ᠠᠵᠢᠯ ᠢ ᠦᠷᠨᠢᠭᠦᠯᠦᠭᠰᠡ ᠪᠠᠶᠢᠨ᠎ᠠ᠃ ᠤᠳᠤᠬᠠᠨ ᠳᠤ᠂ ᠦᠭᠡᠷᠴᠢᠯᠡᠯᠲᠡ ᠶᠢᠨ ᠠᠵᠢᠯ ᠢ ᠶᠠᠭ ᠡᠮᠬᠢ ᠵᠢᠷᠤᠮ ᠲᠠᠢ ᠶᠠᠪᠣᠭᠳᠠᠭᠤᠯᠵᠤ᠂ ᠡᠯ᠎ᠡ ᠭᠠᠵᠠᠷ ᠤᠨ ᠵᠠᠰᠠᠭ ᠤᠨ ᠤᠷᠳᠤᠨ ᠤ ᠰᠦᠯᠵᠢᠶᠡᠨ ᠳᠡᠭᠡᠷ᠎ᠡ ᠲᠤᠰ ᠭᠠᠵᠠᠷ ᠤᠨ ᠤᠰᠤ ᠬᠠᠩᠭᠠᠬᠤ ᠠᠵᠦ ᠠᠬᠤᠶᠢᠯᠠᠯ ᠤᠨ ᠦᠪᠡᠷ ᠤᠨ ᠦᠷᠲᠡᠭ ᠢ ᠨᠡᠶᠢᠲᠡᠯᠡᠨ᠂ ᠦᠪᠡᠷ ᠤᠨ ᠦᠷᠲᠡᠭ ᠲᠤ ᠬᠢᠨᠠᠯᠲᠠ ᠲᠠᠯᠪᠢᠵᠦ ᠬᠢᠨᠠᠨ ᠬᠠᠮᠢᠶᠠᠷᠬᠤ ᠠᠵᠢᠯ ᠢ ᠴᠢᠩᠭ᠎ᠠ ᠥᠷᠨᠢᠭᠦᠯᠪᠡ᠃ ᠳᠠᠷᠠᠭᠠᠴᠢ ᠶᠢᠨ ᠠᠯᠬᠤᠮ ᠳᠤ᠂ ᠡᠯ᠎ᠡ ᠭᠠᠵᠠᠷ ᠤᠨ ᠬᠢᠨ ᠬᠠᠤᠯᠢ ᠪᠠᠷ ᠰᠠᠨᠠᠯ ᠰᠣᠨᠤᠰᠬᠤ ᠵᠢᠷᠤᠮ ᠢ ᠬᠠᠤᠯᠢ ᠶᠤᠰᠤᠭᠠᠷ ᠭᠦᠢᠴᠡᠳᠬᠡᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠰᠠᠨᠠᠭᠠᠴᠢᠯᠭ᠎ᠠ ᠠᠴᠠ ᠪᠠᠨ ᠬᠦᠯᠢᠶᠡᠨ ᠠᠪᠴᠦ᠂ ᠤᠰᠤᠨ ᠤ ᠦᠨ᠎ᠡ ᠶᠢ ᠲᠤᠭᠳᠠᠭᠠᠬᠤ ᠪᠠ ᠲᠤᠬᠢᠷᠠᠭᠤᠯᠬᠤ ᠶᠢᠨ ᠰᠢᠨᠵᠢᠯᠡᠬᠦ ᠤᠬᠠᠭᠠᠨᠴᠢ ᠴᠢᠨᠠᠷ ᠬᠢᠭᠡᠳ ᠲᠤᠩᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠢᠯ ᠤᠨ ᠡᠴᠦᠰ ᠠᠴᠠ ᠡᠮᠦᠨ᠎ᠡ ᠡᠯ᠎ᠡ ᠬᠠᠮᠢᠶ᠎ᠠ ᠪᠦᠬᠦᠢ ᠬᠤᠰᠢᠭᠤ ᠬᠤᠳᠠ ᠲᠤᠭᠤᠷᠢᠭ ‍ᠤᠨ‌‍ᠰᠭᠤᠭᠠᠯᠢ ᠠᠷᠠᠳ ᠤᠨ ᠤᠰᠤᠨ ᠤ ᠦᠨ᠎ᠡ ᠶᠢᠨ ᠳᠦᠷᠢᠮ ᠢ  ᠪᠦᠬᠦᠨ ᠢᠶᠠᠷ ᠢᠶᠠᠨ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠪᠤᠰᠤᠳ ᠬᠤᠰᠢᠭᠤ ᠬᠤᠳᠠ ᠲᠤᠭᠤᠷᠢᠭ ᠤᠨ ᠬᠡᠷᠡᠭᠵᠢᠭᠦᠯᠬᠦ ᠨᠦᠭᠦᠴᠡᠯ ᠢ ᠪᠦᠷᠢᠯᠳᠦᠭᠦᠯᠦᠭᠰᠡᠨ ᠨᠢ ᠴᠤ ᠰᠠᠭᠤᠭᠠᠯᠢ ᠠᠷᠠᠳ ᠤᠨ ᠤᠰᠤᠨ ᠤ ᠱᠠᠳᠤᠯᠢᠭ ᠦᠨ᠎ᠡ ᠶᠢᠨ ᠳᠦᠷᠢᠮ ᠢ ᠢᠳᠡᠪᠬᠢᠲᠠᠢ ᠪᠠᠷ ᠳᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号