ᠪᠦᠬᠦ ᠣᠷᠣᠨ ᠤ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠤᠳᠠᠯ ᠦᠭᠡᠶ ᠡᠬᠢᠯᠡᠬᠦ ᠪᠣᠯᠣᠨ᠎ᠠ
ᠨᠡᠶᠢᠲᠡᠯᠡᠭᠰᠡᠨ ᠴᠠᠭ᠄
2015/10/14
     2015 —2016 ᠰᠤᠷᠤᠯᠭ᠎ᠠ ᠶᠢᠨ ᠣᠨ ᠤ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ 11 ᠳ᠋ᠤᠭᠡᠷ ᠰᠠᠷ᠎ᠠ ᠶᠢᠨ 1᠎ ᠤ ᠡᠳᠦᠷ —10᠎ ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠃ ᠡᠨᠡᠬᠦ ᠠᠵᠢᠯ ᠢ ᠰᠠᠶᠢᠲᠤᠷ ᠬᠢᠬᠦ ᠶᠢᠨ ᠲᠥᠯᠥᠬᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ︽2015 —2016 ᠰᠤᠷᠤᠯᠭ᠎ᠠ ᠶᠢᠨ ᠣᠨ ᠤ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠵᠡᠷᠭᠡ ᠬᠤᠯᠪᠣᠭᠳᠠᠯ ᠪᠦᠬᠦᠢ ᠤᠴᠢᠷ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠰᠤᠷᠭᠠᠨ ᠬᠥᠮᠦᠵᠢᠯ ᠰᠤᠷᠤᠭᠴᠢ ᠡᠯᠰᠡᠬᠦ ᠲᠥᠪ ﹇2015﹈  32 ᠳ᠋ᠤᠭᠠᠷ ᠲᠣᠭᠠᠲᠤ︶᠎ ᠢ ᠨᠢᠭᠡᠨᠲᠡ ᠳᠠᠷᠤᠮᠠᠯᠯᠠᠨ ᠲᠠᠷᠬᠠᠭᠠᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠪᠣᠯᠤᠨ ᠰᠢᠯᠭᠠᠯᠲᠠ ᠶᠢᠨ ᠬᠠᠷᠢᠶ᠎ᠠ ᠳᠠᠩᠰᠠᠯᠠᠭᠤᠯᠬᠤ ᠵᠢᠴᠢ ᠨᠥᠬᠦᠵᠦ ᠳᠠᠩᠰᠠᠯᠠᠭᠤᠯᠬᠤ ᠲᠣᠬᠠᠢ ᠬᠤᠯᠪᠣᠭᠳᠠᠯ ᠪᠦᠬᠦᠢ ᠤᠴᠢᠷ ᠢ ᠲᠣᠳᠣᠷᠬᠠᠶᠢᠯᠠᠪᠠ᠃ ᠰᠢᠯᠭᠠᠯᠲᠠ ᠨᠢ 2016 ᠣᠨ ᠤ 1 ᠳ᠋ᠤᠭᠡᠷ ᠰᠠᠷ᠎ᠠ ᠶᠢᠨ 9᠎ ᠤ ᠡᠳᠦᠷ -10᠎ ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠂ ᠲᠤᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠰᠤᠷᠤᠭᠴᠢ ᠨᠢ ᠮᠠᠨ ᠤ ᠣᠷᠣᠨ ᠤ ᠡᠩ ᠤᠨ ᠥᠨᠳᠥᠷ ᠳᠤᠮᠳᠠᠲᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠠᠷᠢᠶ᠎ᠠ ᠪᠠᠨ ᠨᠢᠭᠡᠨᠲᠡ ᠳᠠᠩᠰᠠᠯᠠᠭᠤᠯᠤᠭᠰᠠᠨ ᠡᠩ ᠤᠨ ᠥᠨᠳᠥᠷ ᠳᠤᠮᠳᠠᠳᠤ ᠶᠢᠨ ᠥᠨᠳᠥᠷ ᠬᠤᠶᠠᠳᠤᠭᠠᠷ ᠣᠨ ᠪᠣᠯᠤᠨ ᠥᠨᠳᠥᠷ ᠭᠤᠷᠪᠠᠳᠤᠭᠠᠷ ᠣᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠪᠣᠯᠣᠨ᠎ᠠ᠃ ᠡᠭᠦᠨ ᠳᠤ᠂ ᠥᠨᠳᠥᠷ ᠭᠤᠷᠪᠠᠳᠤᠭᠠᠷ ᠣᠨ ᠤ ᠬᠢ ᠨᠢ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠭᠤᠷᠪᠠᠨ ᠲᠥᠷᠥᠯ ᠢ ᠰᠢᠯᠠᠭᠠᠨ᠎ᠠ︔ ᠥᠨᠳᠥᠷ ᠬᠤᠶᠠᠳᠤᠭᠠᠷ ᠣᠨ ᠤ ᠬᠢ ᠨᠢ ᠠᠮᠢᠳᠤ ᠪᠣᠳᠠᠰ᠂ ᠲᠡᠦᠬᠡ᠂ ᠭᠠᠵᠠᠷ ᠵᠦᠶ ᠭᠤᠷᠪᠠᠨ ᠲᠥᠷᠥᠯ ᠢ ᠰᠢᠯᠠᠭᠠᠨ᠎ᠠ᠃ ᠥᠨᠳᠥᠷ ᠭᠤᠷᠪᠠᠳᠤᠭᠠᠷ ᠣᠨ ᠤ ᠰᠢᠯᠭᠠᠭᠤᠯᠤᠭᠰᠠᠳ᠂ ᠵᠢᠱᠢᠶᠡᠯᠡᠪᠡᠯ ᠠᠮᠢᠳᠤ ᠪᠣᠳᠠᠰ᠂ ᠲᠡᠦᠬᠡ᠂ ᠭᠠᠵᠠᠷ ᠵᠦᠶ ᠭᠤᠷᠪᠠᠨ ᠲᠥᠷᠥᠯ ᠢ ᠰᠢᠯᠭᠠᠭᠠᠳ ᠬᠢᠷᠢ ᠲᠡᠩᠴᠡᠭᠰᠡᠨ ᠦᠭᠡᠶ ᠪᠠᠶᠢᠪᠠᠯ᠂ ᠬᠠᠷᠭᠠᠯᠵᠠᠭᠰᠠᠨ ᠲᠥᠷᠥᠯ ᠵᠦᠢᠯ ᠢ ᠳᠠᠬᠢᠨᠲᠠ ᠨᠡᠷ᠎ᠡ ᠮᠡᠳᠡᠭᠦᠯᠦᠨ ᠰᠢᠯᠭᠠᠵᠤ ᠪᠣᠯᠤᠨ᠎ᠠ᠃      2015 ᠣᠨ ᠳᠤ ᠰᠤᠷᠭᠠᠭᠤᠯᠢ ᠳᠤ ᠤᠷᠤᠭᠰᠠᠨ ᠡᠩ ᠤᠨ ᠥᠨᠳᠥᠷ ᠳᠤᠮᠳᠠᠳᠤ ᠶᠢᠨ ᠥᠨᠳᠥᠷ ᠨᠢᠭᠡᠳᠦᠭᠡᠷ ᠣᠨ ᠤ ᠰᠢᠨ᠎ᠡ ᠰᠤᠷᠤᠭᠴᠢ ᠡᠷᠬᠡᠪᠰᠢ ᠲᠣᠭᠲᠠᠭᠰᠠᠨ ᠬᠤᠭᠤᠴᠠᠭᠠᠨ ᠳᠤ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://nm.zsks.cn︶᠎ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠤᠪᠠᠭ ᠲᠤ ᠭᠠᠷᠴᠤ ᠰᠢᠯᠭᠠᠯᠲᠠ ᠶᠢᠨ ᠬᠠᠷᠢᠶ᠎ᠠ ᠪᠠᠨ ᠳᠠᠩᠰᠠᠯᠠᠭᠤᠯᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠳᠤᠮᠳᠠᠳᠤ ᠶᠢᠨ ᠵᠢᠩᠭᠢᠨᠢ ᠰᠤᠷᠭᠠᠭᠤᠯᠢ ᠶᠢᠨ ᠬᠠᠷᠢᠶᠠᠯᠠᠯ ᠎ ᠲᠠᠢ ᠪᠥᠭᠡᠳ ᠥᠨᠳᠥᠷ ᠳᠤᠮᠳᠠᠳᠤ ᠰᠤᠷᠭᠠᠭᠤᠯᠢ ᠲᠡᠭᠦᠰᠦᠭᠰᠡᠨ ᠵᠢᠯ ᠳᠡᠭᠡᠨ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠤᠨ ᠨᠥᠬᠦᠴᠡᠯ ᠳᠤ ᠨᠡᠶᠢᠴᠡᠵᠦ᠂ ᠲᠡᠷᠡᠴᠢᠯᠡᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠠᠷᠢᠶ᠎ᠠ ᠪᠠᠨ ᠳᠠᠩᠰᠠᠯᠠᠭᠤᠯᠤᠭᠰᠠᠨ ᠦᠭᠡᠶ ᠥᠨᠳᠥᠷ ᠬᠤᠶᠠᠳᠤᠭᠠᠷ᠂ ᠥᠨᠳᠥᠷ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠣᠷᠣᠭᠴᠢ ᠲᠣᠭᠲᠠᠭᠰᠠᠨ ᠬᠤᠭᠤᠴᠠᠭᠠᠨ ᠳᠣᠲᠣᠷ᠎ᠠ ᠰᠢᠯᠭᠠᠯᠲᠠ ᠶᠢᠨ ᠬᠠᠷᠢᠶ᠎ᠠ ᠪᠠᠨ ᠨᠥᠬᠦᠨ ᠳᠠᠩᠰᠠᠯᠠᠭᠤᠯᠵᠤ ᠪᠣᠯᠤᠨ᠎ᠠ᠃ ᠰᠢᠯᠭᠠᠯᠲᠠ ᠶᠢᠨ ᠬᠠᠷᠢᠶ᠎ᠠ ᠪᠠᠨ ᠨᠥᠬᠦᠵᠦ ᠳᠠᠩᠰᠠᠯᠠᠭᠤᠯᠤᠭᠰᠠᠨ ᠤ ᠳᠠᠷᠠᠭ᠎ᠠ᠂ ᠲᠤᠰ ᠤᠳᠠᠭᠠᠨ ᠤ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠵᠤ ᠪᠣᠯᠣᠨ᠎ᠠ᠃ ᠡᠭᠦᠨ ᠳᠤ  ᠡᠷᠦᠬᠡ ᠠᠮᠠ ᠪᠠᠨ ᠭᠠᠳᠠᠷ ᠣᠷᠣᠨ ᠠᠴᠠ ᠮᠠᠨ ᠤ ᠣᠷᠣᠨ ᠳᠤ ᠨᠡᠭᠦᠯᠭᠡᠨ ᠢᠷᠡᠭᠦᠯᠦᠭᠰᠡᠨ ᠪᠠ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠨ ᠢᠷᠡᠭᠰᠡᠨ ᠦᠷ᠎ᠡ ᠬᠡᠦᠬᠡᠳ ᠪᠣᠯᠬᠤ ᠰᠢᠯᠭᠠᠭᠤᠯᠤᠭᠴᠢ ᠲᠤᠰ ᠬᠤᠭᠤᠴᠠᠭᠠᠨ ᠤ ᠰᠤᠷᠤᠯᠭ᠎ᠠ ᠶᠢᠨ ᠬᠢᠷᠢ ᠬᠡᠮᠵᠢᠶᠡᠨ ᠳᠤ ᠰᠢᠯᠭᠠᠯᠲᠠ ᠳᠤ ᠨᠡᠷ᠎ᠡ ᠮᠡᠳᠡᠭᠦᠯᠵᠦ᠂ ᠰᠢᠯᠭᠠᠯᠲᠠ ᠶᠢᠨ ᠬᠠᠷᠢᠶ᠎ᠠ ᠪᠠᠨ ᠨᠥᠬᠦᠵᠦ ᠳᠠᠩᠰᠠᠯᠠᠭᠤᠯᠤᠭᠰᠠᠨ ᠪᠠᠶᠢᠪᠠᠯ᠂ ᠡᠷᠬᠡᠪᠰᠢ ᠳᠣᠤᠷᠠᠬᠢ ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄      1᠂ ᠡᠷᠦᠬᠡ ᠠᠮᠠ ᠪᠠᠨ ᠣᠷᠣᠨ ᠤ ᠭᠠᠳᠠᠨ᠎ᠠ ᠠᠴᠠ ᠮᠠᠨ ᠤ ᠣᠷᠣᠨ ᠳᠤ ᠨᠡᠭᠦᠯᠭᠡᠭᠰᠡᠨ ᠰᠢᠯᠭᠠᠭᠤᠯᠤᠭᠴᠢ ᠶᠢᠨ ᠲᠤᠰ ᠬᠥᠮᠦᠨ ᠨᠢ ᠭᠠᠳᠠᠷ ᠣᠷᠣᠨ ᠤ ᠥᠨᠳᠥᠷ ᠳᠤᠮᠳᠠᠳᠤ ᠠᠴᠠ ᠰᠢᠯᠵᠢᠨ ᠢᠷᠡᠭᠰᠡᠨ ᠪᠠᠶᠢᠪᠠᠯ ᠰᠤᠷᠤᠯᠴᠠᠵᠤ ᠪᠠᠶᠢᠭ᠎ᠠ ᠰᠤᠷᠭᠠᠭᠤᠯᠢ᠂ ᠰᠤᠷᠭᠠᠭᠤᠯᠢ ᠶᠢᠨ ᠬᠠᠷᠢᠶᠠᠯᠠᠯ ᠲᠠᠢ ᠰᠤᠷᠭᠠᠭᠤᠯᠢ ᠨᠢ ᠡᠷᠬᠡᠪᠰᠢ ᠡᠷᠦᠬᠡ ᠠᠮᠠ ᠶᠢᠨ ᠪᠠᠶᠢᠭ᠎ᠠ ᠠᠶᠢᠮᠠᠭ ᠬᠤᠲᠠ ᠳᠤ ᠪᠠᠶᠢᠬᠤ ᠬᠡᠷᠡᠭᠲᠡᠢ︔ ᠭᠠᠳᠠᠷ ᠣᠷᠣᠨ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠢᠷᠡᠭᠰᠡᠨ ᠦᠷ᠎ᠡ ᠬᠡᠦᠬᠡᠳ ᠪᠣᠯᠬᠤ ᠰᠢᠯᠭᠠᠭᠤᠯᠤᠭᠴᠢ ᠶᠢᠨ ᠰᠤᠷᠤᠯᠴᠠᠵᠤ ᠪᠠᠶᠢᠭ᠎ᠠ ᠰᠤᠷᠭᠠᠭᠤᠯᠢ ᠪᠣᠯᠣᠨ ᠰᠤᠷᠭᠠᠭᠤᠯᠢ ᠶᠢᠨ ᠬᠠᠷᠢᠶᠠᠯᠠᠯ ᠲᠠᠢ ᠰᠤᠷᠭᠠᠭᠤᠯᠢ ᠨᠢ ᠡᠷᠬᠡᠪᠰᠢ ᠠᠳᠠᠯᠢ ᠨᠢᠭᠡᠨ ᠠᠶᠢᠮᠠᠭ ᠬᠤᠲᠠ ᠳᠤ ᠪᠣᠯᠬᠤ ᠬᠡᠷᠡᠭᠲᠡᠢ      2᠂ ᠥᠨᠳᠥᠷ ᠨᠢᠭᠡᠳᠤᠭᠡᠷ ᠣᠨ ᠳᠤ ᠰᠤᠷᠭᠠᠭᠤᠯᠢ ᠳᠤ ᠣᠷᠣᠭᠰᠠᠨ ᠠᠴᠠ ᠨᠠᠰᠢ ᠲᠤᠰ ᠬᠥᠮᠦᠨ ᠨᠢ ᠡᠷᠬᠡᠪᠰᠢ ᠰᠤᠷᠤᠯᠴᠠᠵᠤ ᠪᠠᠶᠢᠭ᠎ᠠ ᠰᠤᠷᠭᠠᠭᠤᠯᠢ ᠳᠤ ᠪᠠᠨ ᠵᠠᠯᠭ᠎ᠠ ᠪᠠᠷ ᠪᠤᠲᠠᠲᠠᠢ ᠰᠤᠷᠤᠯᠴᠠᠭᠰᠠᠨ ᠪᠠᠶᠢᠬᠤ ᠬᠡᠷᠡᠭᠲᠡᠢ᠃   ᠣᠶᠢᠯᠠᠭᠠᠭᠰᠠᠨ ᠢᠶᠠᠷ᠂ ᠰᠦᠯᠵᠢᠶᠡᠨ ᠳᠡᠭᠡᠷ᠎ᠡ ᠵᠠᠷᠤᠳᠠᠯ ᠲᠤᠰᠢᠶᠠᠬᠤ ᠳᠤ ᠣᠳᠣᠬᠠᠨ ᠳᠤ ᠵᠦᠪᠬᠡᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠺᠠᠷᠲ ᠬᠡᠷᠡᠭᠯᠡᠬᠦ ᠶᠢ ᠳᠡᠮᠵᠢᠬᠦ ᠪᠣᠯᠬᠤᠷ᠂ ᠪᠥᠬᠦ ᠰᠢᠯᠭᠠᠭᠤᠯᠤᠭᠰᠠᠳ ᠤᠷᠢᠳᠴᠢᠯᠠᠨ ᠭᠦᠢᠴᠡᠳᠬᠡᠬᠦ ᠶᠣᠰᠤᠲᠠᠢ ᠪᠥᠭᠡᠳ ᠰᠢᠯᠭᠠᠯᠲᠠ ᠳᠤ ᠨᠡᠷ᠎ᠡ ᠮᠡᠳᠡᠭᠦᠯᠬᠦ ᠵᠠᠷᠤᠳᠠᠯ ᠢᠶᠠᠨ ᠲᠤᠭ᠎ᠠ ᠶᠣᠰᠣᠭᠠᠷ ᠬᠠᠳᠠᠭᠠᠯᠠᠭᠰᠠᠨ ᠪᠠᠶᠢᠬᠤ ᠬᠡᠷᠡᠭᠲᠡᠢ᠃      ᠨᠡᠷ᠎ᠡ ᠮᠡᠳᠡᠭᠦᠯᠬᠦ ᠳᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠬᠡᠬᠡᠭᠰᠡᠨ ᠪᠣᠶᠤ ᠪᠤᠶᠤ ᠡᠪᠳᠡᠭᠰᠡᠨ ᠰᠢᠯᠭᠠᠭᠤᠯᠤᠭᠰᠠᠳ᠂ ᠬᠡᠷᠪᠡ 2015 ᠣᠨ ᠤ12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠬᠦᠴᠦᠨ ᠪᠥᠬᠦᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠣᠯᠵᠣ ᠳᠡᠶᠢᠯᠬᠦ ᠶᠢ ᠪᠠᠲᠤᠯᠠᠭᠰᠠᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠨᠡᠷ᠎ᠡ ᠮᠡᠳᠡᠭᠦᠯᠬᠦ ᠳᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠢᠷᠠᠭᠰᠠᠨ ᠦᠭᠡᠢ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠤᠷᠢᠳᠠᠪᠠᠷ ᠬᠢᠴᠢᠶᠡᠯ ᠰᠣᠩᠭᠤᠬᠤ᠂ ᠵᠠᠷᠤᠳᠠᠯ ᠲᠤᠰᠢᠶᠠᠬᠤ᠂ ᠬᠤᠷᠤᠭᠤᠨ ᠤ ᠬᠤᠷᠢᠶᠠᠬᠤ ᠰᠤᠳᠠᠯ ᠤᠨ ᠮᠡᠳᠡᠭᠡ ᠵᠠᠩᠭᠢ ᠴᠤᠭᠯᠠᠭᠤᠯᠬᠤ ᠵᠡᠷᠭᠡ ᠡᠩ ᠤᠨ ᠨᠡᠷ᠎ᠡ ᠮᠡᠳᠡᠭᠦᠯᠬᠦ ᠭᠠᠷᠲᠠᠮ ᠢᠶᠠᠨ ᠤᠷᠢᠳᠴᠢᠯᠠᠨ ᠭᠦᠢᠴᠡᠳᠬᠡᠨ᠎ᠡ᠃ ᠠᠮᠠᠯᠠᠯᠲᠠ ᠪᠠᠨ ᠴᠠᠭ ᠲᠤ ᠪᠠᠨ ᠪᠡᠶᠡᠯᠡᠭᠦᠯᠦᠭᠰᠡᠨ ᠰᠢᠯᠭᠠᠭᠤᠯᠤᠭᠰᠠᠳ ᠰᠢᠯᠭᠠᠬᠤ ᠲᠡᠮᠳᠡᠭ ᠢᠶᠠᠨ ᠳᠠᠷᠤᠮᠠᠯᠯᠠᠵᠤ ᠭᠠᠷᠭᠠᠬᠤ ᠶᠢᠨ ᠬᠠᠮᠲᠤ ᠰᠢᠯᠭᠠᠯᠲᠠ ᠳᠤ ᠣᠷᠣᠯᠴᠠᠵᠤ ᠪᠣᠯᠤᠨ᠎ᠠ᠃ ᠡᠰᠡᠪᠡᠯ᠂ ᠨᠡᠷ᠎ᠡ ᠮᠡᠳᠡᠭᠦᠯᠦᠯᠲᠡ ᠬᠦᠴᠦᠨ ᠦᠭᠡᠶ ᠪᠣᠯᠵᠤ᠂ ᠲᠤᠰᠢᠶᠠᠭᠰᠠᠨ ᠨᠡᠷ᠎ᠡ ᠮᠡᠳᠡᠭᠦᠯᠬᠦ ᠰᠦᠢᠳᠬᠡᠯ ᠢ ᠨᠢ ᠪᠤᠴᠠᠭᠠᠵᠤ ᠥᠭᠬᠦ ᠦᠭᠡᠢ᠃      ᠪᠥᠬᠦ ᠰᠢᠯᠭᠠᠭᠤᠯᠤᠭᠰᠠᠳ ᠨᠡᠷ᠎ᠡ ᠮᠡᠳᠡᠭᠦᠯᠬᠦ ᠰᠢᠰᠲ᠋ᠧᠮᠵᠢ ᠳᠤ ᠣᠷᠣᠭᠠᠳ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠭᠤᠯᠤᠭᠰᠠᠳ ᠤᠨ ᠦᠨᠡᠨᠴᠢ ᠢᠲᠡᠭᠡᠮᠵᠢᠲᠡᠶ ᠰᠢᠯᠭᠠᠬᠤ ᠠᠮᠠᠯᠠᠯᠲᠠ ᠶᠢᠨ ᠪᠢᠴᠢᠭ︾ ᠵᠢᠴᠢ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠳᠦᠷᠢᠮ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ ︵ᠲᠣᠪᠴᠢᠯᠠᠯ︶︾ ᠪᠠ ︽ᠰᠢᠯᠭᠠᠭᠤᠯᠤᠭᠰᠠᠳ ᠤᠨ ᠰᠢᠯᠭᠠᠯᠲᠠ ᠶᠢᠨ ᠳᠦᠷᠢᠮ︾ ᠵᠡᠷᠭᠡ ᠠᠭᠤᠯᠭ᠎ᠠ ᠶᠢ ᠡᠷᠬᠡᠪᠰᠢ ᠨᠠᠷᠢᠨ ᠬᠢᠨᠠᠮᠠᠭᠠᠶ ᠤᠩᠰᠢᠬᠤ ᠶᠢᠨ ᠬᠠᠮᠲᠤ ᠨᠤᠳᠠᠯᠠᠨ ᠵᠦᠪᠰᠢᠶᠡᠷᠡᠨ᠎ᠡ᠃      ᠰᠢᠯᠭᠠᠭᠤᠯᠤᠭᠴᠢ᠂ ᠭᠡᠷ ᠤᠨ ᠠᠬᠠᠮᠠᠳ᠂ ᠰᠤᠷᠭᠠᠭᠤᠯᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾᠎ ᠶᠢᠨ ᠣᠯᠠᠨ ᠨᠡᠶᠢᠲᠡ ᠶᠢᠨ ᠸᠢᠴᠠᠶᠢᠲ ︵ᠸᠢᠴᠠᠶᠢᠲ ᠶᠢᠨ ᠳ᠋ᠤᠭᠠᠷ᠄ nmgzskszwx︶᠎ ᠳᠤ ᠠᠩᠬᠠᠷᠤᠯ ᠢᠶᠠᠨ ᠬᠠᠨᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠤ ᠨᠡᠶᠢᠲᠡᠯᠡᠭᠰᠡᠨ ᠬᠠᠮᠢᠶ᠎ᠠ ᠪᠦᠬᠦᠢ ᠰᠢᠯᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠣ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号