ᠤᠯᠠᠭᠠᠨᠬᠠᠳᠠ ᠬᠤᠲᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/10/15
     10 ᠳ᠋ᠤᠭᠠᠷ ᠰᠠᠷ᠎ᠠ ᠶᠢᠨ12᠎ ᠤᠨ ᠡᠳᠦᠷ᠂ ᠤᠯᠠᠭᠠᠨᠬᠠᠳᠠ ᠬᠤᠲᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠬᠤᠷᠠᠯᠳᠤᠭᠤᠯᠪᠠ᠃ ᠬᠤᠷᠠᠯ ᠠᠴᠠ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠦᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ᠂ ᠰᠡᠭᠦᠯ ᠤᠨ ᠬᠡᠳᠦᠨ ᠰᠠᠷ᠎ᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠳ᠋ᠦᠩ ᠯᠢᠶᠠᠨ ᠵᠧᠨ ᠣᠷᠤᠯᠴᠠᠪᠠ᠃      ᠳ᠋ᠦᠩ ᠯᠢᠶᠠᠨ ᠵᠧᠨ ᠵᠢᠭᠠᠵᠤ ᠭᠠᠷᠭᠠᠬᠤ ᠳᠠᠭᠠᠨ᠂ ᠠᠵᠢᠯ ᠣᠯᠭᠤᠯᠲᠠ ᠶᠢ ᠠᠬᠢᠭᠤᠯᠬᠤ ᠪᠣᠯ ᠠᠷᠠᠳ ᠤᠨ ᠠᠮᠢᠳᠤᠷᠠᠯ ᠤᠨ ᠬᠦᠷᠢᠶᠡᠨ ᠤ ᠲᠡᠷᠢᠭᠦᠨ ᠵᠡᠷᠭᠡ ᠶᠢᠨ ᠶᠡᠭᠡ ᠶᠠᠪᠤᠳᠠᠯ ᠪᠣᠯᠬᠤ ᠲᠤᠯᠠ᠂ ᠡᠯ᠎ᠡ ᠭᠠᠵᠠᠷ ᠤᠨ ᠬᠢᠨ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠠᠳᠠᠯ ᠦᠢᠯᠡᠰ ᠴᠣᠭᠴᠠᠯᠠᠭᠤᠯᠵᠤ ᠠᠵᠢᠯ ᠣᠯᠭᠤᠯᠲᠠ ᠶᠢ ᠠᠬᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ ᠪᠣᠳᠠᠲᠠᠶ ᠪᠦᠭᠡᠳ ᠰᠠᠶᠢᠲᠤᠷ ᠠᠳᠬᠤᠵᠤ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯ ᠣᠯᠭᠤᠬᠤ ᠠᠳᠠᠯ ᠦᠢᠯᠡᠰ ᠴᠣᠭᠴᠠᠯᠠᠭᠤᠯᠬᠤ ᠨᠡᠩ ᠢᠳᠡᠪᠬᠢᠲᠡᠢ ᠲᠥᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠣᠣᠷᠠᠬᠢ ᠠᠵᠢᠯ ᠣᠯᠭᠤᠬᠤ ᠠᠳᠠᠯ ᠦᠢᠯᠡᠰ ᠴᠣᠭᠴᠠᠯᠠᠭᠤᠯᠬᠤ ᠠᠵᠢᠯ ᠢ ᠰᠠᠶᠢᠲᠤᠷ ᠬᠢᠬᠦ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠤᠬᠠᠢ ᠤᠯᠤᠰ ᠬᠢᠭᠡᠳ ᠦᠪᠡᠷᠲᠡᠭᠡᠨ ᠵᠠᠰᠠᠬᠤ ᠤᠷᠤᠨ ᠤ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠤᠱᠠᠯᠠᠭᠤᠯᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠠᠵᠢᠯ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠭᠡᠪᠡ᠃      ᠳ᠋ᠦᠩ ᠯᠢᠶᠠᠨ ᠵᠧᠨ ᠴᠢᠬᠤᠯᠠᠴᠢᠯᠠᠬᠤ ᠳᠠᠭᠠᠨ᠂ ᠬᠤᠯᠪᠤᠭᠠᠯᠠᠨ ᠨᠡᠪᠲᠡᠷᠡᠯᠴᠡᠵᠦ ᠠᠷᠠᠳ ᠲᠤ ᠠᠰᠢᠭ ᠬᠦᠷᠲᠡᠭᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠨᠢ ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ︽﹇ᠢᠨᠲ᠋ᠧᠷ ᠰᠦᠯᠵᠢᠶ᠎ᠡ﹈ + ᠠᠷᠠᠳ ᠤᠨ ᠠᠮᠢᠳᠤᠷᠠᠯ︾᠎ ᠤᠨ ᠠᠵᠢᠯ ᠢ ᠲᠤᠤᠱᠠᠯᠠᠭᠤᠯᠬᠤ ᠴᠢᠬᠤᠯᠠ ᠠᠷᠭ᠎ᠠ ᠠᠪᠴᠠᠯ ᠪᠣᠯᠬᠤ ᠪᠦᠭᠡᠳ ᠮᠦᠨ ᠴᠦ ᠤᠯᠠᠭᠠᠨᠬᠠᠳᠠ ᠬᠤᠲᠠ ᠶᠢᠨ ︽ᠠᠷᠪᠠ ᠪᠠᠷ ᠪᠦᠬᠦᠨ ᠢ ᠬᠠᠮᠤᠷᠠᠬᠤ︾ ᠢᠨᠵᠧᠨᠧᠷᠢᠩ ᠢ ᠲᠦᠯᠬᠢᠨ ᠠᠬᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠎ ᠬᠢᠨ ᠬᠤᠯᠪᠤᠭᠠᠯᠠᠨ ᠨᠡᠪᠲᠡᠷᠡᠯᠴᠡᠭᠰᠡᠨ ᠠᠷᠠᠳ ᠲᠤ ᠠᠰᠢᠭ ᠬᠦᠷᠲᠡᠭᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠲᠠᠯᠪᠢᠵᠤ᠂ ᠲᠤᠰᠬᠠᠶ ᠪᠠᠶᠢᠭᠤᠯᠤᠮᠵᠢ ᠪᠠᠶᠢᠭᠤᠯᠤᠨ᠂ ᠲᠤᠰᠬᠠᠶ ᠵᠦᠢᠯ ᠢᠶᠠᠷ ᠪᠠᠶᠢᠷᠢᠯᠠᠭᠤᠯᠤᠨ ᠲᠦᠯᠬᠢᠨ ᠠᠬᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠪᠠᠩᠬᠢ ᠪᠠ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠎ ᠨᠤᠭᠤᠳ ᠪᠦᠬᠦ ᠬᠤᠲᠠ ᠶᠢᠨ ᠪᠠᠩᠬᠢ ᠶᠢᠨ ᠲᠣᠣᠷ ᠴᠢᠭ᠋ ᠢᠶᠠᠷ ᠪᠦᠬᠦᠨ ᠢ ᠬᠠᠮᠤᠷᠬᠤ ᠶᠢ ᠲᠦᠷᠭᠡᠳᠬᠡᠨ ᠪᠡᠶᠡᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠵᠤ ᠰᠣᠮᠦ ᠰᠢᠶᠠᠩ ᠪᠠᠯᠭᠠᠰᠤ᠂ ᠵᠡᠭᠡᠯᠢ ᠭᠤᠲᠤᠮᠵᠢ᠂ ᠨᠡᠶᠢᠭᠡᠮ ᠲᠣᠭᠤᠷᠢᠭ ᠤᠨ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︾ ᠪᠣᠯᠤᠨ ᠮᠠᠯᠵᠢᠬᠤ ᠲᠠᠷᠢᠶᠠᠯᠠᠬᠤ ᠤᠷᠤᠨ ᠤ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︾᠎ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢ ᠲᠤᠰᠠᠯᠠᠬᠤ ᠦᠢᠯᠡᠴᠢᠯᠡᠭᠡᠨ ᠤ ᠪᠡᠯᠡᠳᠭᠡᠮᠵᠢ ᠶᠢᠨ ᠬᠠᠮᠤᠷᠬᠤ ᠬᠡᠪᠴᠢᠶ᠎ᠡ ᠶᠢ ᠢᠳᠡᠪᠬᠢᠲᠡᠢ ᠪᠠᠷ ᠦᠷᠭᠡᠳᠭᠡᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号