ᠷᠠᠰᠢᠶᠠᠨ ᠪᠣᠭᠤᠮᠲᠠ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠭᠤᠣᠯᠯᠠᠬᠤ ᠴᠢᠳᠠᠪᠤᠷᠢ ᠶᠢᠨ ᠰᠢᠯᠭᠠᠨ ᠠᠪᠬᠤ ᠶᠢ ᠥᠩᠭᠡᠷᠡᠪᠡ
ᠨᠡᠶᠢᠲᠡᠯᠡᠭᠰᠡᠨ ᠴᠠᠭ᠄
2015/10/15
     ᠣᠷᠴᠢᠮᠬᠠᠨ᠂ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠪᠣᠭᠤᠮᠲᠠ ᠶᠢᠨ ᠭᠤᠣᠯᠯᠠᠬᠤ ᠴᠢᠳᠠᠪᠤᠷᠢ ᠶᠢ ᠰᠢᠯᠭᠠᠨ ᠬᠢᠨᠠᠬᠤ ᠳᠤᠭᠤᠶᠢᠯᠠᠩ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠭᠦᠨᠵᠡᠭᠡᠶᠢᠷᠡᠨ᠂ ᠷᠠᠰᠢᠶᠠᠨ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠪᠠᠶᠢᠭᠤᠯᠤᠯᠲᠠ ᠳᠤ ᠰᠢᠯᠭᠠᠨ ᠬᠢᠨᠠᠵᠤ ᠰᠢᠯᠭᠠᠨ ᠠᠪᠬᠤ ᠶᠢ ᠥᠷᠨᠢᠭᠦᠯᠪᠡ᠃ ᠰᠢᠯᠭᠠᠨ ᠬᠢᠨᠠᠬᠤ ᠳᠤᠭᠤᠶᠢᠯᠠᠩ ᠨᠢᠭᠡ ᠡᠳᠦᠷ ᠤᠨ ᠴᠠᠭ ᠢ ᠠᠰᠢᠭᠯᠠᠨ᠂ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠠᠯᠠᠭ᠎ᠠ ᠮᠥᠴᠢᠷ ᠤᠨ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠲᠤᠬᠠᠶ ᠬᠠᠷᠢᠭᠤ ᠮᠡᠳᠡᠭᠦᠯᠦᠯᠲᠡ ᠶᠢ ᠭᠦᠢᠴᠡᠳ ᠰᠣᠨᠣᠰᠴᠤ᠂ ᠬᠠᠮᠢᠶ᠎ᠠ ᠪᠦᠬᠦᠢ ᠮᠡᠷᠭᠡᠵᠢᠯ ᠤᠨ ᠮᠠᠲ᠋ᠧᠷᠢᠶᠠᠯ ᠪᠣᠯᠣᠨ ᠠᠵᠢᠯ ᠤᠨ ᠤᠭ ᠲᠡᠮᠳᠡᠭᠯᠡᠯ ᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠶ ᠳᠤ ᠪᠠᠶᠢᠴᠠᠭᠠᠬᠤ᠂ ᠰᠢᠯᠭᠠᠯᠲᠠ ᠬᠢᠬᠦ ᠪᠤᠶᠤ ᠠᠰᠠᠭᠤᠯᠲᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠷᠠᠰᠢᠶᠠᠨ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠰᠢᠯᠭᠠᠨ ᠬᠢᠨᠠᠭᠰᠠᠨ ᠤ ᠳᠠᠷᠠᠭ᠎ᠠ᠂ ᠬᠢᠩᠭᠠᠨ ᠠᠶᠢᠮᠠᠭ ᠬᠢᠭᠡᠳ ᠷᠠᠰᠢᠶᠠᠨ ᠬᠤᠲᠠ ᠶᠢᠨ ᠪᠣᠭᠤᠮᠲᠠ ᠶᠢ ᠬᠥᠭᠵᠢᠭᠦᠯᠬᠦ ᠪᠠ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢ ᠭᠦᠢᠴᠡᠳ ᠨᠤᠲᠠᠯᠠᠨ ᠵᠥᠪᠰᠢᠶᠡᠷᠡᠵᠦ᠂ ᠷᠠᠰᠢᠶᠠᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢᠨ ᠬᠢᠷᠢ ᠬᠡᠮᠵᠢᠶ᠎ᠡ ᠨᠢ ᠨᠡᠯᠢᠶᠡᠳ ᠥᠨᠳᠥᠷ᠂ ᠪᠠᠶᠢᠭᠤᠯᠤᠯ ᠲᠣᠭᠲᠠᠴᠠ ᠎ ᠨᠢ ᠲᠡᠭᠦᠯᠳᠡᠷ᠂ ᠬᠠᠮᠲᠤᠷᠠᠨ ᠰᠡᠷᠭᠡᠶᠢᠯᠡᠵᠦ ᠡᠵᠡᠮᠳᠡᠬᠦ ᠨᠢ ᠥᠨᠳᠥᠷ ᠪᠦᠲᠦᠮᠵᠢᠲᠡᠶ᠂ ᠪᠡᠯᠡᠳᠬᠡᠮᠵᠢ ᠲᠥᠬᠦᠭᠡᠷᠦᠮᠵᠢ ᠪᠠᠷ ᠪᠦᠷᠢᠨ ᠪᠦᠲᠦᠨ᠂ ᠠᠵᠢᠯᠲᠠᠳ ᠤᠨ ᠣᠨᠣᠯ ᠯᠠᠪᠳᠠᠭᠤᠨ ᠪᠠᠲᠤᠲᠠᠶ᠂ ᠭᠤᠣᠯᠯᠠᠬᠤ ᠴᠢᠳᠠᠪᠤᠷᠢ ᠨᠢ ︽ᠳᠡᠯᠡᠬᠡᠶ ᠶᠢᠨ ᠡᠷᠡᠭᠦᠯ ᠬᠠᠮᠠᠭᠠᠯᠠᠯ ᠤᠨ ᠳᠦᠷᠢᠮ ︵2005 ᠣᠨ︶᠎ ᠤᠨ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ᠬᠢᠭᠡᠳ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ ᠭᠡᠵᠦ ᠦᠵᠡᠪᠡ᠃ ᠡᠴᠦᠰ ᠲᠤ 90.31᠎ ᠶᠢᠨ ᠥᠨᠳᠥᠷ ᠬᠤᠪᠢ ᠪᠠᠷ ᠰᠢᠯᠭᠠᠨ ᠬᠢᠨᠠᠵᠤ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠡᠵᠦ᠂ ᠷᠠᠰᠢᠶᠠᠨ ᠪᠣᠭᠤᠮᠲᠠ 2015 ᠣᠨ ᠤ ᠪᠦᠬᠦ ᠤᠯᠤᠰ ᠤᠨ ᠠᠩᠬᠠᠳᠠᠭᠴᠢ ᠭᠤᠣᠯᠯᠠᠬᠤ ᠴᠢᠳᠠᠪᠤᠷᠢ ᠶᠢᠨ ᠰᠢᠯᠭᠠᠨ ᠠᠪᠬᠤ ᠶᠢ ᠥᠩᠭᠡᠷᠡᠭᠡᠭᠰᠡᠨ ᠪᠣᠭᠤᠮᠲᠠ ᠪᠣᠯᠵᠤ᠂ ᠮᠥᠨ ᠴᠦ ᠪᠣᠭᠤᠮᠲᠠ ᠶᠢᠨ ᠭᠤᠣᠯᠯᠠᠬᠤ ᠴᠢᠳᠠᠪᠤᠷᠢ ᠶᠢᠨ ᠰᠢᠯᠭᠠᠨ ᠠᠪᠬᠤ ᠶᠢ ᠥᠩᠭᠡᠷᠡᠭᠡᠭᠰᠡᠨ 260 ᠳ᠋ᠤᠭᠠᠷ ᠪᠣᠭᠤᠮᠲᠠ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号