ᠣᠷᠴᠢᠮ ᠤᠨ ᠵᠢᠯ ᠤᠳ ᠲᠤ᠂ ᠤᠯᠠᠭᠠᠨᠴᠠᠪ ᠬᠤᠲᠠ ᠥᠪᠡᠷᠮᠢᠴᠡ ᠭᠠᠵᠠᠷ ᠵᠦᠶ ᠶᠢᠨ ᠨᠥᠬᠦᠴᠡᠯ ᠪᠣᠯᠣᠨ | ᠪᠠᠶᠢᠭᠠᠯᠢ ᠶᠢᠨ ᠨᠥᠬᠦᠴᠡᠯ ᠳᠡᠭᠡᠨ ᠲᠦᠰᠢᠭᠯᠡᠨ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠪᠡ᠃ | 8 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠵᠤ ᠠᠬᠤᠶᠢᠯᠠᠯ 37 ᠡᠷᠦᠬᠡ ᠳᠤ ᠬᠦᠷᠴᠡᠢ᠃ | ᠭᠠᠵᠠᠷ ᠣᠷᠣᠨ ᠤ ᠲᠠᠷᠬᠠᠯᠲᠠ ᠶᠢᠨ ᠪᠠᠶᠢᠳᠠᠯ ᠠᠴᠠ ᠨᠢ ᠦᠵᠡᠪᠡᠯ᠂ ᠪᠦᠬᠦ ᠬᠤᠲᠠ ᠶᠢᠨ ᠰᠢᠨ᠎ᠡ ᠡᠨᠧᠷᠭᠢ ᠶᠢᠨ | ᠠᠵᠤ ᠠᠬᠤᠶᠢᠯᠠᠯ ᠳᠣᠣᠷᠠᠬᠢ ᠮᠡᠲᠦ ᠲᠠᠷᠬᠠᠵᠤ ᠪᠣᠢ᠄ ᠵᠦᠸᠧᠽᠢ ᠰᠢᠶᠠᠨ ᠳᠤ 3 ᠡᠷᠦᠬᠡ ᠪᠠᠶᠢᠵᠤ᠂ ᠲᠤᠰ ᠲᠤᠰ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 2 ᠡᠷᠦᠬᠡ᠂ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠳᠤ ᠬᠤᠯᠪᠣᠭᠳᠠᠬᠤ ᠮᠥᠷᠲᠡᠭᠡᠨ ᠪᠠᠰᠠ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠳᠤ ᠬᠤᠯᠪᠤᠭᠳᠠᠬᠤ | ᠠᠵᠤ ᠠᠬᠤᠶᠢᠯᠠᠯ 1 ᠡᠷᠦᠬᠡ ᠪᠣᠢ︔ ᠬᠤᠸᠠᠳᠧ ᠰᠢᠶᠠᠨ ᠳᠤ 5 ᠡᠷᠦᠬᠡ ᠪᠠᠶᠢᠵᠤ᠂ ᠪᠦᠬᠦᠨ ᠢᠶᠠᠷ ᠢᠶᠠᠨ ᠴᠥᠮ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠣᠨ᠎ᠠ︔ ᠱᠠᠩᠳᠤ ᠰᠢᠶᠠᠨ ᠳᠤ 4 ᠡᠷᠦᠬᠡ | ᠪᠠᠶᠢᠵᠤ᠂ ᠡᠭᠦᠨ ᠤ ᠳᠣᠲᠣᠷ᠎ᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 3 ᠡᠷᠦᠬᠡ᠂ | ᠭᠡᠷᠡᠯ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 1 ᠡᠷᠦᠬᠡ ᠪᠣᠢ︔ ᠰᠢᠩᠾᠧ ᠰᠢᠶᠠᠨ ᠳᠤ 4 ᠡᠷᠦᠬᠡ ᠪᠠᠶᠢᠵᠤ᠂ | ᠪᠦᠬᠦᠨ ᠢᠶᠠᠷ ᠢᠶᠠᠨ ᠴᠥᠮ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠣᠨ᠎ᠠ︔ ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤᠨ ᠳᠤ 3 ᠡᠷᠦᠬᠡ ᠪᠠᠶᠢᠵᠤ᠂ ᠡᠭᠦᠨ ᠳᠤ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠠᠵᠤ ᠠᠬᠤᠶᠢᠯᠠᠯ 1 ᠡᠷᠦᠬᠡ᠂ ᠭᠡᠷᠡᠯ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 1 ᠡᠷᠦᠬᠡ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠳᠤ ᠬᠤᠯᠪᠣᠭᠳᠠᠬᠤ ᠮᠥᠷᠲᠡᠭᠡᠨ ᠪᠠᠰᠠ ᠨᠡᠷᠡᠨ ᠡᠨᠧᠷᠭᠢ ᠪᠠᠷ ᠴᠠᠬᠢᠯᠭᠠᠨ | ᠭᠠᠷᠭᠠᠬᠤ ᠳᠤ ᠬᠤᠯᠪᠤᠭᠳᠠᠬᠤ ᠠᠵᠤ ᠠᠬᠤᠶᠢᠯᠠᠯ 1 ᠡᠷᠦᠬᠡ ᠪᠣᠢ︔ ᠴᠠᠬᠠᠷ ᠪᠠᠷᠠᠭᠤᠨ ᠭᠠᠷᠤᠨ ᠳᠤᠮᠳᠠᠲᠤ | ᠬᠤᠰᠢᠭᠤᠨ ᠳᠤ 7 ᠡᠷᠦᠬᠡ᠂ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 6 | ᠡᠷᠦᠬᠡ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠳᠤ ᠬᠤᠯᠪᠣᠭᠳᠠᠬᠤ ᠮᠥᠷᠲᠡᠭᠡᠨ ᠪᠠᠰᠠ ᠨᠡᠷᠡᠨ ᠡᠨᠧᠷᠭᠢ ᠪᠠᠷ | ᠴᠠᠬᠢᠯᠭᠠᠨ ᠭᠠᠷᠭᠠᠬᠤ ᠳᠤ ᠬᠤᠯᠪᠤᠭᠳᠠᠬᠤ ᠠᠵᠤ ᠠᠬᠤᠶᠢᠯᠠᠯ 1 ᠡᠷᠦᠬᠡ ᠪᠣᠢ︔ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ 5 ᠡᠷᠦᠬᠡ ᠪᠠᠶᠢᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 4 ᠡᠷᠦᠬᠡ᠂ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠳᠤ ᠬᠤᠯᠪᠣᠭᠳᠠᠬᠤ ᠮᠥᠷᠲᠡᠭᠡᠨ ᠪᠠᠰᠠ ᠨᠡᠷᠡᠨ ᠡᠨᠧᠷᠭᠢ ᠪᠠᠷ ᠴᠠᠬᠢᠯᠭᠠᠨ | ᠭᠠᠷᠭᠠᠬᠤ ᠳᠤ ᠬᠤᠯᠪᠤᠭᠳᠠᠬᠤ ᠠᠵᠤ ᠠᠬᠤᠶᠢᠯᠠᠯ 1 ᠡᠷᠦᠬᠡ ᠪᠣᠢ︔ ᠳᠥᠷᠪᠡᠳ ᠬᠤᠰᠢᠭᠤᠨ ᠳᠤ 6 ᠡᠷᠦᠬᠡ ᠪᠠᠶᠢᠵᠤ | ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 4 ᠡᠷᠦᠬᠡ᠂ ᠭᠡᠷᠡᠯ ᠢᠶᠠᠷ ᠴᠠᠬᠢᠯᠭᠠᠨ ᠭᠠᠷᠭᠠᠬᠤ | ᠠᠵᠤ ᠠᠬᠤᠶᠢᠯᠠᠯ 2 ᠡᠷᠦᠬᠡ ᠪᠣᠢ᠃ ᠦᠢᠯᠡᠳᠪᠦᠷᠢᠯᠡᠯ ᠤᠨ ᠪᠠᠶᠢᠳᠠᠯ ᠠᠴᠠ ᠨᠢ ᠦᠵᠡᠪᠡᠯ᠂ 1-8 ᠳ᠋ᠤᠭᠠᠷ ᠰᠠᠷ᠎ᠠ | ᠪᠣᠯᠲᠠᠯ᠎ᠠ᠂ 37 ᠡᠷᠦᠬᠡ ᠰᠢᠨ᠎ᠡ ᠡᠨᠧᠷᠭᠢ ᠶᠢᠨ ᠠᠵᠤ ᠠᠬᠤᠶᠢᠯᠠᠯ ᠤᠳ ᠠᠵᠤ ᠦᠢᠯᠡᠳᠪᠦᠷᠢ ᠶᠢᠨ ᠶᠡᠷᠦᠩᠬᠡᠶ | ᠦᠢᠯᠡᠳᠬᠦᠨ ᠤ ᠥᠷᠲᠡᠭ ᠢ ᠨᠡᠶᠢᠲᠡ 27.74 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 4.4% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠢᠯ ᠲᠥᠷᠥᠯ | ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ ᠥᠷᠲᠡᠭ ᠢ ᠨᠡᠶᠢᠲᠡ 24.4 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.96% ᠪᠠᠷ ᠨᠡᠮᠡᠭᠳᠡᠪᠡ︔ ᠭᠡᠷᠡᠯ ᠸᠣᠯᠲ ᠢᠶᠠᠷ ᠴᠠᠬᠢᠯᠭᠠᠨ | ᠭᠠᠷᠭᠠᠬᠤ ᠠᠵᠢᠯ ᠲᠥᠷᠥᠯ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ ᠥᠷᠲᠡᠭ ᠢ ᠨᠡᠶᠢᠲᠡ 3.34 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.19% ᠪᠠᠷ ᠨᠡᠮᠡᠭᠳᠡᠪᠡ᠃ |