ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠮᠠᠨᠳᠤᠯ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ | ᠬᠡᠮᠵᠢᠶ᠎ᠡ ᠶᠢ ᠨᠡᠮᠡᠭᠳᠡᠭᠦᠯᠦᠨ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠶᠢᠨ ᠲᠤᠯᠠᠳᠠ᠂ | 2012 ᠣᠨ ᠳᠤ0.6 ᠺᠢᠯᠣᠮᠧᠲᠷ ᠤᠨ ᠵᠠᠰᠠᠮᠠᠯ ᠵᠠᠮ ᠤᠨ ᠡᠳ᠋ ᠪᠠᠷᠠᠭᠠᠨ ᠤ ᠬᠦᠷᠢᠶᠡᠯᠡᠩ ᠲᠣᠭᠤᠷᠢᠭ ᠤᠨ | ᠡᠭᠢᠯᠡᠯᠲᠡ ᠶᠢᠨ ᠲᠤᠭᠤᠷᠢᠭ᠂ ᠪᠦᠬᠦᠨ ᠢ ᠪᠢᠲᠡᠭᠦᠯᠦᠭᠰᠡᠨ ᠰᠠᠷᠠᠪᠴᠢᠨ ᠬᠦᠮᠦᠷᠭᠡ ᠶᠢᠨ ᠭᠠᠵᠠᠷ ᠢ ᠲᠡᠭᠰᠢᠯᠡᠵᠤ᠂ 1.6 | ᠺᠢᠯᠣᠮᠧᠲᠷ ᠤᠨ ᠬᠦᠷᠢᠶᠡᠯᠡᠩ ᠤᠨ ᠦᠵᠡᠮᠵᠢ ᠶᠢᠨ ᠬᠥᠭᠦᠷᠭᠡ ᠳᠤ ᠵᠠᠮ ᠬᠢᠭᠡᠳ ᠰᠠᠭᠤᠷᠢ ᠬᠡᠰᠡᠭ᠂ ᠲᠦᠷ ᠴᠠᠭ ᠤᠨ | ᠠᠮᠢᠳᠤᠷᠠᠯ ᠤᠨ ᠲᠣᠭᠤᠷᠢᠭ ᠢ ᠡᠬᠢᠯᠡᠨ ᠪᠠᠶᠢᠭᠤᠯᠪᠠ᠃ 2013 ᠣᠨ ᠳᠤ ᠦᠵᠡᠮᠵᠢ ᠶᠢᠨ ᠲᠣᠰᠣᠨ ᠵᠠᠮ ᠳᠡᠪᠢᠰᠬᠦ | ᠠᠵᠢᠯ ᠢ ᠪᠡᠶᠡᠯᠡᠭᠦᠯᠵᠦ᠂ ᠲᠡᠷᠭᠡ ᠨᠡᠪᠲᠡᠷᠡᠬᠦ ᠨᠥᠬᠦᠴᠡᠯ ᠢ ᠪᠦᠷᠢᠯᠳᠦᠭᠦᠯᠦᠭᠰᠡᠨ ᠶᠤᠮ︔ ᠬᠦᠷᠢᠶᠡᠯᠡᠩ ᠲᠣᠭᠤᠷᠢᠭ ᠤᠨ | ᠲᠡᠷᠭᠡ ᠪᠠᠶᠢᠴᠠᠭᠠᠬᠤ ᠬᠥᠮᠥᠷᠭᠡ᠂ ᠲᠡᠷᠭᠡ ᠪᠠᠶᠢᠴᠠᠭᠠᠬᠤ ᠲᠠᠪᠴᠠᠩ ᠪᠤᠯᠤᠨ ᠫᠦᠨᠲ ᠭᠡᠷ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠭᠰᠡᠨ ᠪᠥᠭᠡᠳ 150 ᠲᠣᠨ ᠤ 2 ᠰᠠᠭᠤᠷᠢ ᠫᠦᠨᠲ ᠵᠢᠩᠯᠡᠭᠦᠷ ᠢ ᠤᠭᠰᠠᠷᠠᠪᠠ︔ | ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠶᠢᠨ ᠪᠢᠲᠡᠭᠦᠮᠵᠢᠯᠡᠭᠰᠡᠨ ᠰᠠᠷᠠᠪᠴᠢᠨ ᠬᠦᠮᠦᠷᠭᠡ ᠶᠢ ᠪᠦᠲᠦᠭᠡᠨ | ᠪᠠᠶᠢᠭᠤᠯᠵᠤ᠂ 2015 ᠤᠨ ᠤ 6 ᠳ᠋ᠤᠭᠠᠷ ᠰᠠᠷ᠎ᠠ ᠶᠢᠨ 3 ᠤ ᠡᠳᠦᠷ ᠪᠦᠲᠦᠭᠡᠨ ᠪᠠᠶᠢᠭᠤᠯᠵᠤ ᠳᠠᠭᠤᠰᠬᠠᠭᠰᠠᠨ | ᠪᠥᠭᠡᠳ ᠠᠰᠢᠭᠯᠠᠯᠲᠠ ᠳᠤ ᠣᠷᠣᠭᠤᠯᠪᠠ︔ ᠬᠦᠷᠢᠶᠡᠯᠡᠩ ᠲᠣᠭᠤᠷᠢᠭ ᠢ ᠬᠦᠷᠢᠶᠡᠯᠡᠭᠰᠡᠨ ᠲᠡᠮᠦᠷ ᠲᠤᠤᠷ ᠵᠢᠴᠢ | ᠪᠣᠭᠤᠮᠲᠠ ᠠᠴᠠ ᠲᠣᠭᠤᠷᠢᠭ ᠬᠦᠷᠬᠦ 6 ᠺᠢᠯᠣᠮᠧᠲᠷ ᠵᠠᠮ ᠤᠨ ᠬᠤᠶᠠᠷ ᠬᠠᠵᠠᠭᠤ ᠶᠢ ᠪᠢᠲᠡᠭᠦᠯᠦᠭᠰᠡᠨ ᠲᠡᠮᠦᠷ ᠲᠤᠤᠷ | ᠲᠠᠲᠠᠭᠰᠠᠨ ᠤ ᠬᠠᠮᠲᠤ ᠪᠣᠭᠤᠮᠲᠠ ᠶᠢᠨ ᠬᠢᠨᠠᠭᠤᠷ᠂ ᠡᠯᠧᠺᠲᠷᠣᠨ ᠬᠠᠭᠠᠯᠠᠪᠴᠢ ᠶᠢᠨ ᠲᠥᠬᠦᠭᠡᠷᠦᠮᠵᠢ ᠶᠢ ᠤᠭᠰᠠᠷᠠᠬᠤ᠂ | ᠬᠦᠷᠢᠶᠡᠯᠡᠩ ᠲᠤᠭᠤᠷᠢᠭ ᠤᠨ ᠲᠠᠯᠠᠪᠤᠷ ᠢ ᠲᠡᠭᠰᠢᠯᠡᠬᠦ᠂ ᠨᠡᠭᠦᠷᠡᠰᠦ ᠤᠬᠢᠶᠠᠬᠤ ᠦᠢᠯᠡᠳᠪᠦᠷᠢ ᠶᠢᠨ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠪᠡ᠃ 2015 ᠣᠨ ᠳᠤ᠂ ᠪᠦᠲᠦᠭᠡᠨ ᠪᠠᠶᠢᠭᠤᠯᠬᠤ ᠪᠠᠷ | ᠲᠦᠯᠦᠪᠯᠡᠭᠰᠡᠨ ᠵᠠᠰᠠᠮᠠᠯ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠨᠢ 2.4 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ 2.9 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠠᠢ᠃ ᠤᠳᠤᠬᠠᠨ ᠳᠤ᠂ | ᠲᠡᠮᠦᠷ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠷᠭᠡ ᠠᠴᠢᠶᠠᠯᠠᠬᠤ ᠰᠠᠭᠤᠷᠢᠨ | ᠭᠠᠵᠠᠷ ᠢ ᠪᠠᠶᠢᠭᠤᠯᠬᠤ ᠭᠠᠷᠳᠠᠮ ᠨᠢᠭᠡᠨᠲᠡ ᠵᠦᠪᠰᠢᠶᠡᠷᠡᠭᠳᠡᠭᠡᠳ᠂ ᠤᠷᠴᠢᠨ ᠲᠤᠭᠤᠷᠢᠨ ᠤ ᠦᠨᠡᠯᠡᠯᠲᠡ ᠬᠢᠬᠦ᠂ | ᠴᠢᠳᠠᠮᠵᠢ ᠶᠢᠨ ᠦᠨᠡᠯᠡᠯᠲᠡ ᠬᠢᠬᠦ᠂ ᠭᠠᠵᠠᠷ ᠲᠠᠲᠠᠪᠤᠷᠢᠯᠠᠬᠤ ᠠᠵᠢᠯ ᠶᠠᠭ ᠶᠠᠪᠤᠭᠳᠠᠵᠤ ᠪᠠᠶᠢᠬᠤ ᠪᠦᠭᠡᠳ ᠲᠤᠬᠠᠢ ᠶᠢᠨ | ᠲᠠᠯᠠᠪᠠᠶ ᠶᠢ ᠬᠠᠶᠢᠨ ᠰᠢᠨᠵᠢᠯᠡᠬᠦ ᠠᠵᠢᠯ ᠴᠤ ᠨᠢᠭᠡᠨᠲᠡ ᠰᠡᠭᠦᠯ ᠬᠤᠷᠢᠶᠠᠬᠤ ᠱᠠᠲᠤᠨ ᠳᠤ ᠤᠷᠤᠪᠠ︔ ᠤᠯᠤᠰ ᠤᠨ | ᠬᠠᠳᠠᠭᠠᠯᠠᠮᠵᠢ ᠶᠢᠨ ᠡᠨᠧᠷᠭᠢ ᠶᠢᠨ ᠰᠤᠷᠪᠤᠯᠵᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠳᠠᠷᠬᠠᠨ | ᠮᠤᠤᠮᠢᠩᠭᠠᠨ ᠬᠤᠯᠪᠤᠭᠠᠲᠤ ᠬᠤᠰᠢᠭᠤᠨ ᠤ ᠬᠢᠵᠠᠭᠠᠷᠲᠤ ᠺᠣᠮᠫᠠᠨᠢ ᠯᠤᠭ᠎ᠠ ᠪᠣᠭᠤᠮᠲᠠ ᠶᠢᠨ ᠲᠡᠮᠦᠷ ᠵᠠᠮ ᠤᠨ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠲᠡᠮᠦᠷ ᠵᠠᠮ ᠤᠨ ᠠᠴᠢᠶᠠᠯᠠᠬᠤ ᠰᠠᠭᠤᠷᠢᠨ ᠭᠠᠵᠠᠷ ᠤᠨ | ᠲᠦᠷᠦᠯ ᠵᠦᠢᠯ ᠤᠨ ᠬᠠᠮᠲᠤᠷᠠᠨ ᠠᠵᠢᠯᠯᠠᠬᠤ ᠵᠦᠪᠯᠡᠯᠴᠡᠭᠡᠷ ᠲᠤᠭᠲᠠᠭᠠᠨ ᠭᠠᠷ ᠤᠨ ᠦᠰᠦᠭ ᠵᠢᠷᠤᠵᠤ᠂ ᠡᠬᠢᠨ ᠤ | ᠦᠶ᠎ᠡ ᠶᠢᠨ ᠭᠠᠷᠳᠠᠮ ᠤᠨ ᠭᠦᠢᠴᠡᠳᠬᠡᠯ ᠢᠶᠠᠨ ᠶᠠᠭ ᠢᠳᠡᠪᠬᠢᠲᠡᠶ ᠥᠷᠨᠢᠭᠦᠯᠵᠦ ᠪᠠᠶᠢᠨ᠎ᠠ᠃ |