ᠦᠪᠦᠷ ᠮᠣᠩᠭᠤᠯ ᠤᠨ 8 ᠠᠶᠢᠮᠠᠭ ᠬᠤᠲᠠ ᠲᠠᠷᠢᠶᠠᠯᠠᠬᠤ ᠮᠠᠯᠵᠢᠬᠤ ᠡᠷᠦᠬᠡ ᠶᠢᠨ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠬᠠᠩᠭᠠᠬᠤ ᠨᠦᠬᠦᠪᠦᠷᠢ ᠶᠢ ᠲᠠᠷᠬᠠᠭᠠᠵᠤ ᠳᠠᠭᠤᠰᠪᠠ
ᠨᠡᠶᠢᠲᠡᠯᠡᠭᠰᠡᠨ ᠴᠠᠭ᠄
2015/10/16
      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠭᠦᠷᠡᠰᠦᠨ ᠤ ᠠᠵᠤ ᠦᠢᠯᠡᠳᠪᠦᠷᠢ ᠶᠢᠨ ᠲᠣᠪᠴᠢᠶ᠎ᠠ ᠶᠢᠨ ᠲᠣᠬᠢᠷᠠᠭᠤᠯᠭ᠎ᠠ ᠶᠢ ᠦᠨᠳᠦᠰᠦᠯᠡᠪᠡᠯ᠂10 ᠳ᠋ᠤᠭᠠᠷ ᠰᠠᠷ᠎ᠠ ᠶᠢᠨ12᠎ ᠤ ᠡᠳᠦᠷ ᠪᠣᠯᠲᠠᠯ᠎ᠠ᠂ ᠬᠥᠯᠦᠨ ᠪᠣᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠷᠳᠤᠰ ᠬᠤᠲᠠ᠂ ᠦᠬᠠᠢ ᠬᠤᠲᠠ᠂ ᠠᠯᠠᠱᠠᠨ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 8 ᠠᠶᠢᠮᠠᠭ ᠬᠤᠲᠠ 2015 ᠣᠨ ᠤ ᠲᠠᠷᠢᠶᠠᠯᠠᠬᠤ ᠮᠠᠯᠵᠢᠬᠤ ᠡᠷᠦᠬᠡ ᠶᠢᠨ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠬᠠᠩᠭᠠᠬᠤ ᠨᠦᠬᠦᠪᠦᠷᠢ ᠶᠢ ᠲᠠᠷᠬᠠᠭᠠᠬᠤ ᠠᠵᠢᠯ ᠢᠶᠠᠨ ᠪᠡᠶᠡᠯᠡᠭᠦᠯᠪᠡ᠃ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠪᠠᠶᠢᠳᠠᠯ ᠢ ᠦᠨᠳᠦᠰᠦᠯᠡᠪᠡᠯ᠂ ᠪᠡᠶᠡᠯᠡᠭᠦᠯᠦᠭᠡᠳᠦᠢ ᠬᠤᠰᠢᠭᠤ ᠰᠢᠶᠠᠨ ᠤ ᠪᠡᠯᠡ ᠮᠥᠩᠭᠦ ᠦᠨᠳᠦᠰᠦᠨ ᠳᠡᠭᠡᠨ ᠤᠷᠤᠨ ᠪᠠᠶᠢᠷᠢᠨ ᠳᠠᠭᠠᠨ ᠬᠦᠷᠴᠦ᠂ ᠲᠠᠷᠢᠶᠠᠯᠠᠬᠤ ᠮᠠᠯᠵᠢᠬᠤ ᠡᠷᠦᠬᠡ ᠶᠢ ᠦᠨᠳᠦᠰᠦᠨ ᠳᠡᠭᠡᠨ ᠬᠢᠨᠠᠨ ᠬᠠᠷᠭᠤᠭᠤᠯᠵᠤ ᠪᠠᠷᠠᠪᠠᠯ᠂ ᠶᠠᠭ ᠵᠣᠬᠢᠶᠠᠨ ᠪᠠᠶᠢᠭᠤᠯᠤᠨ ᠲᠠᠷᠬᠠᠭᠠᠬᠤ ᠪᠠᠷ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠪᠡᠯ᠂ 2015 ᠣᠨ ᠤ ᠲᠠᠷᠢᠶᠠᠯᠠᠬᠤ ᠮᠠᠯᠵᠢᠬᠤ ᠡᠷᠦᠬᠡ ᠳᠤ ᠡᠪᠦᠯ ᠤᠨ ᠳᠤᠯᠠᠭᠠᠯᠠᠯᠭ᠎ᠠ ᠶᠢᠨ ᠨᠡᠭᠦᠷᠡᠰᠦ ᠬᠠᠩᠭᠠᠬᠤ ᠳᠤ ᠮᠥᠨᠬᠦ ᠪᠡᠯᠡᠨ ᠵᠣᠭᠤᠰ ᠤᠨ ᠨᠥᠬᠦᠪᠥᠷᠢ ᠥᠭᠬᠦ ᠠᠷᠭ᠎ᠠ ᠶᠢ ᠠᠪᠴᠤ᠂ ᠡᠷᠦᠬᠡ ᠪᠦᠷᠢ 600 ᠲᠦᠭᠦᠷᠢᠭ ᠤᠨ ᠪᠠᠷᠢᠮᠵᠢᠶ᠎ᠠ ᠪᠠᠷ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠲᠠᠷᠢᠶᠠᠯᠠᠬᠤ ᠮᠠᠯᠵᠢᠬᠤ ᠡᠷᠦᠬᠡ ᠶᠢᠨ ︽ᠪᠦᠬᠦᠨ ᠳᠤ ᠲᠣᠬᠢᠷᠠᠬᠤ ᠺᠠᠷᠲ︾᠎ ᠤᠨ ᠳᠠᠩᠰᠠ ᠡᠷᠦᠬᠡ ᠳᠤ ᠰᠢᠭᠤᠳ ᠣᠷᠣᠭᠤᠯᠵᠤ ᠦᠭᠭᠦᠨ᠎ᠡ᠃ ᠨᠡᠭᠦᠷᠡᠰᠦ ᠬᠠᠩᠭᠠᠬᠤ ᠠᠵᠢᠯ ᠤᠨ ᠠᠬᠢᠴᠠ ᠶᠢ ᠲᠦᠯᠬᠢᠨ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ ᠭᠡᠷ ᠨᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠬᠢ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠵᠤ 9 ᠳ᠋ᠦ᠋ᠭᠡᠷ ᠰᠠᠷ᠎ᠠ ᠳᠤ ᠠᠶᠢᠮᠠᠭ ᠬᠤᠲᠠ ᠶᠢᠨ ᠦᠪᠡᠷᠰᠡᠳ ᠢᠶᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠦᠩᠯᠢᠶᠣᠣ ᠬᠤᠲᠠ ᠪᠣᠯᠤᠨ ᠤᠯᠠᠭᠠᠨᠬᠠᠳᠠ ᠬᠤᠲᠠ ᠳᠤ ᠮᠥᠷᠳᠡᠨ ᠰᠢᠮᠳᠠᠭᠤᠯᠤᠨ ᠪᠠᠶᠢᠴᠠᠭᠠᠯᠲᠠ ᠬᠢᠪᠡ᠃ ᠳᠠᠷᠠᠭᠠᠴᠢ ᠶᠢᠨ ᠠᠯᠬᠤᠮ ᠳᠤ᠂ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠵᠦ᠂ ᠪᠡᠶᠡᠯᠡᠭᠦᠯᠦᠭᠡᠳᠦᠢ ᠠᠶᠢᠮᠠᠭ ᠬᠤᠲᠠ ᠳᠤ ᠮᠥᠷᠳᠡᠨ ᠰᠢᠮᠳᠠᠭᠤᠯᠤᠨ ᠪᠠᠶᠢᠴᠠᠭᠠᠯᠲᠠ ᠬᠢᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号