ᠲᠦᠩᠯᠢᠶᠣᠤ ᠬᠤᠲᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠢ ᠠᠷᠭᠠᠴᠠᠵᠤ᠂ ︽ | ᠨᠡᠮᠡᠭᠳᠡᠯ ᠢ ᠲᠣᠭᠲᠠᠪᠤᠷᠢᠵᠢᠭᠤᠯᠬᠤ ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠱᠠᠭᠠᠷᠳᠠᠯᠭ᠎ᠠ ᠲᠠᠢ ᠤᠶᠠᠯᠳᠤᠭᠤᠯᠤᠨ᠂ ᠦᠢᠯᠡᠴᠢᠯᠡᠭᠡᠨ ᠤ | ᠦᠢᠯᠡᠰ ᠢ ᠲᠦᠷᠭᠡᠳᠬᠡᠨ ᠬᠥᠭᠵᠢᠭᠦᠯᠵᠦ᠂ ᠪᠦᠭᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠠᠵᠢᠯᠯᠠᠭᠠᠨ ᠢ ᠰᠠᠶᠢᠨ ᠰᠠᠶᠢᠬᠠᠨ ᠶᠠᠪᠤᠭᠳᠠᠭᠤᠯᠪᠠ᠃ ᠡᠨᠡ ᠵᠢᠯ ᠤᠨ ᠳᠡᠭᠡᠳᠦ ᠬᠠᠭᠠᠰ ᠵᠢᠯ ᠳᠤ᠂ | ᠲᠦᠡᠭᠯᠢᠶᠤᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 26.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 15.4% ᠪᠠᠷ ᠨᠡᠮᠡᠭᠳᠡᠪᠡ᠃ ᠵᠠᠮ | ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠢᠶᠠᠷ ᠲᠥᠯᠥᠭᠡᠯᠡᠭᠦᠯᠦᠭᠰᠡᠨ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ 15.2 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠶᠡᠷᠦᠩᠭᠡᠢ ᠬᠡᠮᠵᠢᠶᠡᠨ ᠤ 56.5% ᠶᠢ ᠡᠵᠡᠯᠡᠵᠤ᠂ 39% ᠪᠠᠷ ᠨᠡᠮᠡᠭᠳᠡᠨ᠂ ᠪᠦᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢ ᠦᠢᠯᠡᠴᠢᠯᠡᠭᠡᠨ ᠤ ᠦᠢᠯᠡᠰ 22.3 ᠵᠠᠭᠤᠨ ᠤ ᠴᠡᠭ ᠢᠶᠠᠷ ᠨᠡᠮᠡᠭᠳᠡᠪᠡ︔ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ | ᠦᠢᠯᠡᠴᠢᠯᠡᠭᠡᠨ ᠤ ᠦᠢᠯᠡᠰ ᠪᠣᠯᠤᠨ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ 10.4 ᠳ᠋ᠦᠡᠭᠰᠢᠭᠤᠷ ᠲᠥᠭᠦᠷᠢᠭ ᠢ ᠪᠡᠶᠡᠯᠡᠭᠦᠯᠪᠡ︔ ᠬᠤᠳᠠᠯᠳᠤᠭᠠᠨ ᠤ ᠶᠠᠪᠤᠳᠠᠯ ᠵᠢᠴᠢ ᠪᠤᠰᠤᠳ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | 11.6% ᠪᠠᠷ ᠨᠡᠮᠡᠭᠳᠡᠪᠡ᠃ |