ᠬᠦᠯᠦᠨ ᠪᠣᠶᠢᠷ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠠᠳᠠᠯ ᠠᠬᠤᠢ ᠵᠨ ᠤᠶᠢᠯᠡᠴᠢᠯᠡᠭᠡᠨ ᠤ ᠠᠵᠤ ᠠᠬᠤᠶᠢᠯᠠᠯ ᠤᠨ ᠡᠵᠡᠩᠨᠡᠯᠲᠡ ᠶᠢᠨ | ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠬᠥᠯᠥᠨ ᠪᠤᠶᠢᠷ ᠬᠤᠲᠠ ᠪᠦᠬᠦ ᠬᠤᠲᠠ ᠶᠢᠨ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠦᠨᠡᠯᠡᠬᠦ᠂ | ᠯᠡᠪᠡᠷᠡᠭᠦᠯᠬᠦ᠂ ᠬᠡᠷᠡᠭᠯᠡᠬᠦ ᠶᠢ ᠨᠢᠭᠡᠳᠬᠡᠭᠰᠡᠨ ᠲᠣᠭᠲᠠᠴᠠ ᠶᠢ ᠪᠠᠶᠢᠭᠤᠯᠵᠤ᠂ ᠲᠤᠰ ᠦᠨᠡᠯᠡᠯᠲᠡ ᠶᠢᠨ ᠰᠢᠰᠲ᠋ᠧᠮᠵᠢ ᠳᠤ | ᠰᠠᠭᠤᠷᠢ ᠬᠤᠪᠢ᠂ ᠬᠤᠪᠢ ᠨᠡᠮᠡᠬᠦ ᠵᠦᠢᠯ᠂ ᠬᠤᠪᠢ ᠬᠠᠰᠤᠬᠤ ᠵᠦᠢᠯ᠂ ᠢᠲᠡᠭᠡᠮᠵᠢ ᠶᠢᠨ ᠮᠡᠳᠡᠭᠡ ᠵᠠᠩᠭᠢ ᠶᠢ | ᠰᠠᠨᠠᠭᠤᠯᠬᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠡᠮᠵᠢᠯᠡᠭᠦᠯᠬᠦ ᠵᠡᠷᠭᠡ ᠲᠠᠪᠤᠨ ᠵᠦᠢᠯ ᠤᠨ ᠠᠭᠤᠯᠭ᠎ᠠ ᠪᠠᠭᠲᠠᠵᠤ᠂ | ᠡᠴᠦᠰ ᠤᠨ ᠬᠤᠪᠢ ᠣᠯᠭᠤᠬᠤ ᠦᠷ᠎ᠡ ᠳ᠋ᠦᠩ ᠢ ᠨᠢ A᠂B᠂ C᠂ D ᠭᠡᠵᠦ ᠳᠥᠷᠪᠡᠨ ᠳᠡᠰ ᠬᠤᠪᠢᠶᠠᠨ᠎ᠠ᠃ | ᠲᠤᠰ ᠰᠢᠰᠲ᠋ᠧᠮᠵᠢ ᠪᠠᠷ ᠳᠠᠮᠵᠢᠭᠠᠳ ᠠᠵᠤ ᠠᠬᠤᠶᠢᠯᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠦᠳᠦᠭᠡᠨ | ᠪᠠᠶᠢᠭᠤᠯᠤᠯᠳᠠ ᠬᠢᠭᠡᠳ ᠲᠥᠷᠥᠯ ᠵᠦᠢᠯ ᠢ ᠰᠢᠯᠭᠠᠷᠠᠭᠤᠯᠬᠤ᠂ ᠠᠵᠤ ᠠᠬᠤᠶᠢᠯᠠᠯ ᠤᠨ ᠬᠢᠷᠢ ᠴᠢᠳᠠᠮᠵᠢ ᠶᠢᠨ | ᠬᠠᠮᠢᠶᠠᠷᠤᠯᠲᠠ ᠯᠤᠭ᠎ᠠ ᠬᠤᠯᠪᠣᠭ᠎ᠠ ᠠᠪᠴᠤ᠂ ᠢᠲᠡᠭᠡᠯ ᠬᠦᠨᠳᠦᠲᠡᠢ᠂ ᠮᠠᠭᠲᠠᠭᠠᠯ ᠰᠠᠶᠢᠰᠢᠶᠠᠯ ᠲᠠᠢ ᠠᠵᠤ | ᠠᠬᠤᠶᠢᠯᠠᠯ ᠢ ᠲᠥᠷᠥᠯ ᠵᠦᠢᠯ ᠰᠢᠯᠭᠠᠷᠠᠭᠤᠯᠬᠤ ᠪᠠ ᠬᠢᠷᠢ ᠴᠢᠳᠠᠮᠵᠢ ᠶᠢᠨ ᠵᠡᠷᠭᠡ ᠳᠡᠰ ᠳᠡᠪᠰᠢᠭᠦᠯᠬᠦ ᠳᠤ | ᠤᠷᠢᠳᠴᠢᠯᠠᠨ ᠪᠣᠳᠣᠯᠬᠢᠯᠠᠨ᠎ᠠ︔ ᠨᠡᠶᠢᠭᠡᠮ ᠤᠨ ᠳᠦᠷᠢ ᠳᠦᠷᠬᠦ ᠪᠠᠷᠤᠭᠲᠠᠢ᠂ ᠦᠢᠯᠡᠴᠢᠯᠡᠭᠡᠨ ᠤ ᠵᠢᠷᠤᠮᠵᠢᠯ ᠦᠭᠡᠢ᠂ | ᠬᠠᠮᠢᠶᠠᠷᠤᠯᠲᠠ ᠶᠢᠨ ᠬᠢᠷᠢ ᠬᠡᠮᠵᠢᠶ᠎ᠡ ᠳᠣᠤᠷ᠎ᠠ ᠠᠵᠤ ᠠᠬᠤᠶᠢᠯᠠᠯ ᠢ ᠡᠷᠡᠰ ᠲᠠᠰᠤ ᠪᠠᠷ ᠴᠡᠪᠡᠷᠯᠡᠨ ᠴᠡᠭᠴᠡᠯᠡᠵᠦ᠂ ᠬᠠᠤᠯᠢ | ᠶᠣᠰᠣᠭᠠᠷ ᠰᠢᠳᠬᠡᠨ᠎ᠡ︔ ᠬᠢᠷᠢ ᠴᠢᠳᠠᠮᠵᠢ ᠦᠭᠡᠶ ᠳᠤᠷ᠎ᠠ ᠵᠣᠷᠢᠭ ᠢᠶᠠᠷ ᠢᠶᠠᠨ ᠠᠳᠠᠯ ᠠᠬᠤᠶ ᠶᠢᠨ | ᠬᠠᠮᠢᠶᠠᠷᠤᠯᠲᠠ ᠶᠢᠨ ᠠᠵᠢᠯ ᠬᠢᠭᠰᠡᠨ ᠵᠢᠴᠢ ᠭᠡᠷ᠎ᠡ ᠲᠣᠭᠲᠠᠭᠰᠠᠨ ᠬᠤᠭᠤᠴᠠᠭᠠᠨ ᠳᠤ ᠳᠤᠷ᠎ᠠ ᠪᠠᠷ ᠢᠶᠠᠨ ᠠᠳᠠᠯ | ᠠᠬᠤᠢ ᠶᠢᠨ ᠬᠠᠮᠢᠶᠠᠷᠤᠯᠲᠠ ᠪᠠᠨ ᠪᠣᠯᠢᠭᠰᠠᠨ ᠪᠠᠶᠢᠳᠠᠯ ᠴᠢᠩᠭ᠎ᠠ ᠪᠠᠷ ᠰᠢᠢᠳᠪᠦᠷᠢᠯᠡᠨ᠎ᠡ᠃ ᠡᠨᠡ ᠨᠢ ᠠᠳᠠᠯ ᠠᠬᠤᠢ ᠵᠨ | ᠤᠶᠢᠯᠡᠴᠢᠯᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠴᠡᠪᠡᠷᠯᠡᠨ ᠭᠠᠷᠭᠠᠬᠤ ᠲᠣᠭᠲᠠᠴᠠ ᠶᠢ | ᠪᠠᠶᠢᠭᠤᠯᠬᠤ᠂ ᠠᠳᠠᠯ ᠠᠬᠤᠢ ᠶᠢᠨ ᠤᠶᠢᠯᠡᠴᠢᠯᠡᠭᠡᠨ ᠤ ᠠᠵᠤ ᠠᠬᠤᠶᠢᠯᠡᠯ ᠤᠨ ᠦᠢᠯᠡᠴᠢᠯᠡᠭᠡᠨ ᠤ ᠬᠢᠷᠢ | ᠲᠥᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠨᠦᠬᠦᠴᠡᠯᠳᠦᠭᠦᠯᠵᠦ᠂ ᠰᠢᠯᠢᠳᠡᠭ ᠠᠵᠤ ᠠᠬᠤᠶᠢᠯᠠᠯ ᠤᠨ | ᠬᠥᠭᠵᠢᠯᠲᠡ ᠶᠢ ᠲᠡᠳᠬᠦᠨ ᠳᠡᠮᠵᠢᠵᠦ᠂ ᠰᠢᠯᠢᠳᠡᠭ ᠨᠢ ᠰᠢᠯᠢᠭᠳᠡᠵᠦ ᠮᠠᠭᠤ ᠨᠢ ᠰᠢᠭᠰᠢᠭᠳᠡᠬᠦ ᠬᠠᠷᠠᠯᠲᠠ ᠶᠢ ᠪᠡᠶᠡᠯᠡᠭᠦᠯᠬᠦ | ᠪᠣᠯᠭᠠᠨ᠎ᠠ᠃ |