︽ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠢᠨᠵᠧᠨᠧᠷᠢᠩ︾ ᠪᠠ ︽ ᠠᠳᠠᠯ ᠦᠢᠯᠡᠰ | ᠴᠣᠭᠴᠠᠯᠠᠬᠤ ᠠᠵᠢᠯ ᠣᠯᠭᠤᠬᠤ ᠢᠨᠵᠧᠨᠧᠷᠢᠩ︾ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠵᠢᠴᠢ ᠡᠯ᠎ᠡ ᠲᠦᠷᠦᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠠᠵᠢᠯ | ᠣᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠪᠣᠯᠣᠨ ᠥᠪᠥᠷ ᠮᠣᠩᠭᠤᠯ ᠤᠨ ᠵᠢᠦᠢ ᠢᠩ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠠᠴᠠ ᠳᠠᠭᠠᠭᠠᠨ ᠡᠷᠬᠢᠯᠡᠬᠦ ︽2015 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯ ᠣᠯᠭᠤᠬᠤ ᠠᠳᠠᠯ ᠦᠢᠯᠡᠰ | ᠴᠣᠭᠴᠠᠯᠠᠬᠤ ᠵᠥᠪᠳᠡᠨ ᠬᠡᠯᠡᠯᠴᠡᠬᠦ ᠬᠤᠷᠠᠯ ᠵᠢᠴᠢ ᠴᠢᠳᠠᠪᠤᠷᠢᠲᠠᠨ ᠤ ᠰᠣᠯᠢᠯᠴᠠᠭᠠᠨ ᠤ ᠶᠡᠭᠡ ᠴᠤᠭᠯᠠᠭᠠᠨ︾ 10 | ᠳ᠋ᠤᠭᠠᠷ ᠰᠠᠷ᠎ᠠ ᠶᠢᠨ 24 ᠤ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠬᠦ ᠪᠣᠯᠣᠨ᠎ᠠ᠃ | ᠲᠤᠰ ᠤᠳᠠᠭᠠᠨ ᠤ ᠶᠡᠭᠡ ᠴᠤᠭᠯᠠᠭᠠᠨ ᠳᠤ 150 ᠪᠦᠯᠦᠭ ᠳᠡᠯᠭᠡᠨ ᠦᠵᠡᠭᠦᠯᠬᠦ ᠪᠠᠶᠢᠷᠢ ᠲᠣᠬᠢᠷᠠᠭᠤᠯᠵᠤ᠂ ᠣᠷᠣᠨ ᠤ | ᠲᠣᠲᠣᠭᠠᠲᠤ ᠭᠠᠳᠠᠭᠠᠳᠤ ᠶᠢᠨ ᠤᠯᠤᠰ ᠤᠨ ᠥᠮᠴᠢᠯᠡᠯᠲᠦ᠂ ᠬᠠᠮᠲᠤ ᠶᠢᠨ ᠥᠮᠴᠢᠯᠡᠯᠲᠦ᠂ ᠬᠤᠪᠢᠴᠠᠭᠠᠳᠦ ᠳᠦᠷᠢᠮ᠂ | ᠭᠠᠳᠠᠭᠠᠳᠤ ᠬᠤᠳᠠᠯᠳᠤᠭᠠᠴᠢᠨ ᠤ ᠪᠡᠯᠡ ᠣᠷᠤᠯᠠᠭᠤᠯᠤᠯᠲᠠ᠂ ᠳᠡᠭᠡᠳᠦ ᠰᠢᠨ᠎ᠡ ᠮᠡᠷᠭᠡᠵᠢᠯ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ | ᠠᠵᠢᠯᠲᠠᠨ ᠬᠡᠷᠡᠭᠯᠡᠬᠦ ᠡᠯ᠎ᠡ ᠲᠥᠷᠥᠯ ᠤᠨ ᠨᠢᠭᠡᠴᠡ ᠶᠢ ᠤᠷᠢᠵᠤ᠂ ᠲᠤᠬᠠᠢ ᠶᠢᠨ ᠲᠠᠯᠠᠪᠠᠢ ᠳᠤ ᠠᠵᠢᠯᠲᠠᠨ | ᠤᠷᠢᠭᠤᠯᠬᠤ ᠪᠠᠷ ᠪᠠᠶᠢᠨ᠎ᠠ᠂ ᠵᠢᠱᠢᠯᠲᠡ ᠪᠠᠷ ᠲᠦᠮᠡ ᠭᠠᠷᠤᠢ ᠡᠯ᠎ᠡ ᠲᠥᠷᠥᠯ ᠤᠨ ᠳᠤᠮᠳᠠ ᠳᠡᠭᠡᠳᠦ ᠳᠡᠰ ᠤᠨ | ᠲᠤᠰᠬᠠᠢ ᠮᠡᠷᠭᠡᠵᠢᠯ᠂ ᠬᠠᠮᠢᠶᠠᠷᠤᠯᠲᠠ ᠶᠢᠨ ᠴᠢᠳᠠᠪᠤᠷᠢᠲᠠᠨ᠂ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠤᠰ ᠵᠢᠯ ᠪᠠ ᠥᠩᠭᠡᠷᠡᠭᠰᠡᠨ ᠵᠢᠯ ᠤᠨ ᠲᠡᠭᠦᠰᠦᠭᠰᠡᠳ ᠪᠠ | ᠲᠤᠰᠬᠠᠢ ᠮᠡᠷᠭᠡᠵᠢᠯ ᠤᠨ ᠴᠢᠳᠠᠪᠤᠷᠢᠲᠠᠨ ᠴᠤᠭᠯᠠᠭᠠᠨ ᠳᠤ ᠣᠷᠣᠯᠴᠠᠬᠤ ᠪᠣᠯᠣᠨ᠎ᠠ᠃ |