ᠡᠷᠢᠶᠡᠨ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽1  4  9︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠢᠳᠡᠪᠬᠢᠲᠡᠢ ᠪᠠᠷ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2015/10/20
      ᠠᠵᠤ ᠠᠬᠤᠶᠢᠯᠠᠯ᠂ ᠣᠯᠠᠨ ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠳᠦᠭᠦᠮ ᠦᠵᠡᠭᠦᠯᠬᠦ ᠦᠵᠡᠭᠦᠯᠵᠦ᠂ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠎ ᠤᠨ ︽ᠨᠢᠭᠡ ᠦᠷᠳᠡᠭᠡᠯᠢᠭ︾ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠂ ᠮᠠᠨ ᠤ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠥᠪ᠂ ᠲᠦᠷᠪᠡᠨ ᠬᠤᠪᠢᠶᠠᠷᠢ ᠲᠠᠩᠬᠢᠮ᠂  ᠠᠷᠠᠳ ᠲᠤ ᠳᠥᠭᠦᠮ ᠦᠵᠡᠭᠦᠯᠬᠦ ᠶᠢᠰᠦᠨ ᠦᠢᠯᠡᠴᠢᠯᠡᠭᠡᠨ ᠤ ᠲᠥᠪ︾  ︵1+4 +9 ᠵᠠᠭᠪᠤᠷᠰᠢᠯ︶ ᠎ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠲᠠᠢ ᠠᠬᠢᠭᠤᠯᠬᠤ ᠶᠢᠨ ᠲᠥᠯᠥᠭᠡ᠂ ᠰᠢᠨ᠎ᠡ ᠨᠢᠭᠡᠨ ᠡᠭᠡᠯᠵᠢ ᠶᠢᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠡᠮᠬᠢᠯᠡᠨ ᠲᠢᠭᠯᠡᠭᠰᠡᠨ ᠦᠷ᠎ᠡ ᠳ᠋ᠦᠩ ᠢ ᠦᠨᠳᠦᠰᠦᠯᠡᠨ᠂  ᠰᠤᠳᠤᠯᠬᠤ ᠪᠠᠷ ᠳᠠᠮᠵᠢᠨ᠂ ᠨᠡᠶᠢᠲᠡ 25 ᠰᠠᠯᠠᠭ᠎ᠠ ᠮᠥᠴᠢᠷ ᠎ ᠤᠨ172 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ︵ᠡᠭᠦᠨ ᠳᠤ ᠪᠠᠶᠢᠩᠭᠤ ᠶᠢᠨ ᠴᠣᠩᠬᠤᠪᠴᠢ ᠪᠣᠯᠤᠨ ᠶᠡᠷᠦᠩᠬᠡᠶᠢᠯᠡᠭᠰᠡᠨ ᠴᠣᠩᠬᠤᠪᠴᠢ ᠪᠠᠭᠲᠠᠨ᠎ᠠ︶᠂ 13 ᠰᠠᠯᠠᠭ᠎ᠠ ᠮᠥᠴᠢᠷ ᠤᠨ 63 ᠦᠢᠯᠡᠴᠢᠯᠡᠭᠡᠨ ᠤ ᠵᠦᠢᠯ ᠢ ᠬᠤᠳᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ  ᠭᠦᠢᠴᠡᠳᠬᠡᠬᠦ ᠪᠠᠷ ᠲᠣᠭᠲᠠᠪᠠ︔ ᠡᠭᠦᠨ ᠤ ᠵᠡᠷᠭᠡᠴᠡᠭᠡᠪᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 4  ᠬᠤᠪᠢᠶᠠᠷᠢ ᠲᠠᠩᠬᠢᠮ ᠪᠠᠶᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠨᠡᠶᠢᠲᠡ 33 ᠲᠥᠷᠥᠯ ᠵᠦᠢᠯ ᠢ ᠣᠷᠣᠵᠤ ᠰᠠᠭᠤᠯᠭᠠᠨ᠎ᠠ︔ ᠰᠤᠮᠤᠨ ᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ  30 ᠲᠥᠷᠥᠯ ᠵᠦᠢᠯ ᠢ ᠣᠷᠣᠵᠤ ᠰᠠᠭᠤᠯᠭᠠᠨ᠎ᠠ︔ 8 ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ  ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ 28 ᠲᠥᠷᠥᠯ ᠵᠦᠢᠯ ᠢ ᠲᠤᠰ ᠲᠤᠰ ᠣᠷᠣᠵᠤ  ᠰᠠᠭᠤᠯᠭᠠᠨ᠎ᠠ᠃ ᠬᠤᠳᠠ ᠶᠢᠨ ᠵᠠᠰᠠᠭ ᠤᠨ ᠶᠠᠪᠤᠳᠠᠯ ᠤᠨ   ᠦᠢᠯᠡᠴᠢᠯᠡᠭᠡᠨ ᠤ ᠲᠥᠪ ᠨᠢ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠰᠢᠰᠲ᠋ᠧᠮᠵᠢ ᠳᠤ ᠣᠷᠣᠭᠤᠯᠤᠭᠰᠠᠨ ᠰᠠᠯᠠᠭ᠎ᠠ ᠮᠦᠴᠢᠷ᠂  ᠤᠴᠢᠷ ᠶᠠᠪᠤᠳᠠᠯ ᠢ ᠪᠦᠬᠦ ᠬᠤᠲᠠ ᠶᠢᠨ ᠬᠠᠮᠢᠶ᠎ᠠ ᠪᠦᠬᠦᠢ ᠨᠢᠭᠡᠴᠡ ᠳᠤ ᠤᠯᠠᠮᠵᠢᠯᠠᠨ ᠲᠠᠷᠬᠠᠭᠠᠵᠤ ᠰᠠᠨᠠᠯ  ᠬᠤᠷᠢᠶᠠᠵᠤ᠂ ᠣᠳᠣᠬᠠᠨ ᠳᠤ ᠶᠠᠭ ᠡᠯ᠎ᠡ ᠲᠦᠷᠦᠯ ᠤᠨ ᠰᠠᠨᠠᠯ᠂ ᠰᠠᠨᠠᠭᠤᠯᠭ᠎ᠠ ᠶᠢ ᠴᠤᠭᠯᠠᠭᠤᠯᠤᠨ  ᠡᠮᠬᠢᠯᠡᠵᠦ ᠪᠠᠶᠢᠨ᠎ᠠ᠂  ᠳᠠᠷᠠᠭ᠎ᠠ ᠠᠯᠬᠤᠮ ᠳᠤ ᠳᠠᠬᠢᠨ ᠵᠠᠰᠠᠪᠤᠷᠢ ᠣᠷᠣᠭᠤᠯᠤᠭᠰᠠᠨ ᠠᠯᠪᠠᠨ ᠵᠠᠷ ᠢ ᠨᠡᠶᠢᠭᠡᠮ ᠳᠠᠶᠠᠭᠠᠷ ᠲᠤ ᠨᠡᠶᠢᠲᠡᠯᠡᠬᠦ ᠶᠢᠨ ᠬᠠᠮᠲᠤ ᠶᠡᠷᠦᠩᠭᠡᠶᠢᠯᠡᠭᠰᠡᠨ ᠴᠣᠩᠬᠤᠪᠴᠢ ᠶᠢ ᠡᠬᠢᠯᠡᠵᠦ ᠬᠡᠷᠡᠭᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ 100 %᠎ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ  ᠣᠷᠣᠭᠤᠯᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号