ᠤᠯᠠᠭᠠᠨᠬᠠᠳᠠ ᠶᠢᠨ 208 ᠢᠵᠢ ᠬᠢᠮᠳᠠ ᠲᠦᠷᠢᠶᠡᠰᠦᠨ ᠭᠡᠷ᠂ ᠣᠯᠠᠨ ᠨᠠᠶᠢᠳᠡ ᠶᠢᠨ ᠲᠦᠷᠢᠶᠡᠰᠦᠨ ᠭᠡᠷ 11 ᠳ᠋ᠤᠭᠠᠷ ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠤᠨ᠎ᠠ
ᠨᠡᠶᠢᠲᠡᠯᠡᠭᠰᠡᠨ ᠴᠠᠭ᠄
2015/10/20
      ᠣᠶᠢᠯᠠᠭᠠᠭᠰᠠᠨ ᠢᠶᠠᠷ᠂  ᠤᠯᠠᠭᠠᠨᠬᠠᠳᠠ ᠬᠤᠲᠠ ᠶᠢᠨ ᠰᠢᠨ᠎ᠡ ᠬᠤᠲᠠ ᠶᠢᠨ ᠲᠣᠭᠤᠷᠢᠭ ᠤᠨ ᠰᠢᠶᠤᠤ ᠰᠢᠨ ᠳ᠋ᠢ ᠪᠦᠯᠬᠦᠮ ᠪᠠᠶᠢᠭᠤᠯᠤᠭᠰᠠᠨ ᠲᠤᠤ ᠷᠠᠨ ᠵᠢᠦᠢ ᠬᠢᠮᠲᠠ ᠲᠦᠷᠢᠶᠡᠰᠦᠨ ᠭᠡᠷ ᠵᠢᠴᠢ ᠴᠧᠨ ᠰᠢ  ᠬᠦᠷᠢᠶᠡᠨ ᠤ ᠭᠤᠷᠪᠠᠳᠤᠭᠠᠷ ᠬᠤᠭᠤᠴᠠᠭᠠᠨ ᠤ ᠣᠯᠠᠨ ᠨᠡᠶᠢᠲᠡ ᠶᠢᠨ ᠲᠦᠷᠢᠶᠡᠰᠦᠨ ᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 2 ᠵᠢᠯ ᠤᠨ ᠬᠤᠭᠤᠴᠠᠭ᠎ᠠ ᠪᠦᠬᠦᠢ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠤᠳᠤ ᠨᠢᠭᠡᠨᠲᠡ ᠪᠠᠷᠢᠯᠭ᠎ᠠ ᠳᠠᠭᠤᠰᠬᠤ ᠱᠠᠲᠤ ᠦᠶ᠎ᠡ ᠳᠤ ᠣᠷᠣᠵᠤ᠂ ᠵᠢᠱᠢᠯᠲᠡ ᠪᠠᠷ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠬᠦ ᠪᠣᠯᠤᠨ᠎ᠠ᠃ ᠲᠤᠰ ᠲᠥᠷᠥᠯ ᠵᠦᠢᠯ ᠎ ᠢ 2015 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠵᠢᠯ ᠢ ᠨᠢ ᠰᠡᠷᠭᠦᠭᠡᠵᠦ᠂ ᠭᠡᠷ ᠤᠨ ᠭᠠᠳᠠᠨᠠᠬᠢ ᠢᠵᠢ ᠪᠦᠷᠢᠳᠦᠭᠦᠯᠬᠦ ᠪᠠᠷᠢᠯᠭ᠎ᠠ ᠤᠨ ᠪᠦᠲᠦᠭᠡᠨ ᠪᠠᠶᠢᠭᠤᠯᠤᠯᠲᠠ ᠵᠢᠴᠢ ᠭᠡᠷ ᠳᠣᠲᠣᠷᠠᠬᠢ ᠵᠠᠰᠠᠵᠣ ᠴᠢᠮᠡᠭᠯᠡᠬᠦ ᠪᠠᠷᠢᠯᠭ᠎ᠠ ᠎ ᠶᠢ ᠪᠦᠬᠦ ᠲᠠᠯ᠎ᠠ ᠪᠠᠷ ᠦᠷᠨᠢᠭᠦᠯᠪᠡ᠃ ᠣᠳᠣᠬᠠᠨ ᠳᠤ ᠲᠤᠲᠤᠷᠠᠬᠢ ᠵᠠᠰᠠᠵᠣ ᠴᠢᠮᠡᠭᠯᠡᠬᠦ ᠠᠵᠢᠯ ᠨᠢᠭᠡᠨᠲᠡ ᠰᠢᠪᠲᠤᠷᠭᠠᠨ ᠤ ᠱᠠᠲᠤ ᠦᠶ᠎ᠡ ᠳᠡᠭᠡᠨ ᠣᠷᠣᠵᠤ᠂ ᠴᠠᠬᠢᠯᠭᠠᠨ ᠱᠠᠳᠤ ᠤᠭᠰᠠᠷᠠᠬᠤ᠂ ᠰᠦᠯᠢᠶᠣᠣ ᠪᠣᠯᠣᠳ ᠴᠣᠩᠬᠤ  ᠪᠠ ᠰᠢᠯ ᠲᠠᠭᠠᠷᠠᠭᠤᠯᠬᠤ᠂  ᠴᠠᠭᠠᠨ ᠰᠢᠷᠤᠢ ᠰᠢᠪᠠᠭ᠋ᠤ ᠵᠡᠷᠭᠡ ᠢ ᠶᠠᠭ ᠬᠢᠵᠦ ᠪᠤᠢ᠃ ᠡᠭᠦᠨ ᠳᠤ᠄ ᠲᠤᠤ ᠷᠠᠨ ᠵᠢᠦᠢ ᠬᠢᠮᠳᠠ ᠲᠦᠷᠢᠶᠡᠰᠦᠨ ᠭᠡᠷ ᠤᠨ ᠲᠥᠷᠥᠯ ᠵᠦᠢᠯ ᠨᠢ ᠨᠡᠶᠢᠲᠡ 18 ᠳᠠᠪᠬᠤᠷᠯᠢᠭ ᠲᠠᠢ 1 ᠰᠠᠭᠤᠷᠢ ᠠᠰᠠᠷ ᠪᠣᠯᠣᠨ᠎ᠠ  ᠃ ᠭᠠᠵᠠᠷ  ᠳᠡᠭᠡᠷ᠎ᠡ ᠳᠣᠤᠷᠠᠬᠢ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 7339 ᠳᠡᠭᠡᠭᠰᠢ ᠳᠥᠷᠪᠡᠯᠵᠢᠨ ᠮᠧᠲᠷ᠂ 108 ᠢᠵᠢ ᠭᠡᠷ ᠪᠣᠯᠣᠨ᠎ᠠ᠃ ᠴᠧᠨ ᠰᠢ ᠬᠦᠷᠢᠶᠡᠨ ᠤ ᠭᠤᠷᠪᠠᠳᠤᠭᠠᠷ ᠬᠤᠭᠤᠴᠠᠭᠠᠨ ᠤ ᠨᠡᠶᠢᠲᠡ ᠶᠢᠨ ᠲᠦᠷᠢᠶᠡᠰᠦᠨ ᠭᠡᠷ ᠤᠨ ᠲᠥᠷᠥᠯ ᠵᠦᠢᠯ ᠨᠢ ᠨᠡᠶᠢᠲᠡ15 ᠳᠠᠪᠬᠤᠷᠯᠢᠭ ᠲᠠᠢ 1 ᠰᠠᠭᠤᠷᠢ ᠠᠰᠠᠷ ᠪᠣᠯᠣᠨ᠎ᠠ᠃ ᠭᠠᠵᠠᠷ ᠳᠡᠭᠡᠷ᠎ᠡ ᠳᠣᠤᠷᠠᠬᠢ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 6199 ᠳᠡᠭᠡᠭᠰᠢ ᠳᠥᠷᠪᠡᠯᠵᠢᠨ ᠮᠧᠲᠷ᠂ 100 ᠢᠵᠢ ᠭᠡᠷ ᠪᠣᠯᠣᠨ᠎ᠠ᠃  ᠲᠤᠰ  ᠪᠠᠲᠤᠯᠠᠭ᠎ᠠ ᠶᠢᠨ ᠭᠡᠷ ᠤᠨ ᠲᠥᠷᠥᠯ ᠵᠦᠢᠯ ᠨᠢ ᠬᠢᠮᠳᠠ ᠲᠦᠷᠢᠶᠡᠰᠦᠨ ᠭᠡᠷ᠂ ᠣᠯᠠᠨ ᠨᠡᠶᠢᠲᠡ ᠶᠢᠨ ᠲᠦᠷᠢᠶᠡᠰᠦᠨ ᠭᠡᠷ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠠᠷᠢᠭᠤᠨ ᠴᠡᠪᠡᠷ ᠤᠨ ᠲᠠᠰᠤᠯᠭ᠎ᠠ᠂ ᠲᠣᠭᠤᠭᠠᠨ ᠭᠡᠷ ᠢ ᠠᠰ ᠲᠤᠨᠢ ᠲᠣᠬᠢᠷᠠᠭᠤᠯᠤᠭᠰᠠᠨ ᠤ ᠬᠠᠮᠲᠤ ᠲᠤᠲᠤᠷᠠᠬᠢ ᠶᠢ ᠳᠥᠭᠦᠮ ᠵᠠᠰᠠᠵᠤ ᠴᠢᠮᠡᠭᠯᠡᠬᠦ ᠶᠢ ᠵᠡᠷᠭᠡ ᠳᠤᠨᠢ ᠬᠢᠵᠦ᠂ ᠦᠨᠳᠦᠰᠦᠨ ᠳᠡᠭᠡᠨ ᠣᠷᠣᠭᠠᠳ ᠰᠠᠭᠤᠵᠤ ᠪᠣᠯᠬᠤ ᠪᠦᠭᠡᠳ ᠲᠦᠷᠢᠶᠡᠰᠦᠯᠡᠨ ᠰᠠᠭᠤᠭᠰᠠᠳ ᠤᠨ ᠱᠠᠲᠤ ᠦᠶᠡᠴᠢ ᠴᠢᠨᠠᠷ᠂ ᠰᠢᠯᠵᠢᠩᠭᠦᠢ ᠴᠢᠨᠠᠷ ᠢᠶᠠᠷ ᠴᠢᠩᠭ᠎ᠠ ᠪᠠᠶᠢᠭ᠎ᠠ ᠳᠤ ᠨᠡᠶᠢᠴᠡᠭᠰᠡᠨ ᠣᠷᠣᠰᠢᠨ ᠰᠠᠭᠤᠬᠤ ᠣᠨᠴᠠᠯᠢᠭ ᠲᠠᠢ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号