ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ  ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠭᠰᠠᠨ ᠪᠠᠶᠢᠳᠠᠯ
ᠨᠡᠶᠢᠲᠡᠯᠡᠭᠰᠡᠨ ᠴᠠᠭ᠄
2015/10/20
     ᠰᠣᠷᠪᠤᠯᠵᠢᠯᠠᠭᠰᠨ ᠴᠠᠭ᠄      2015 ᠣᠨ ᠤ 9  ᠳ᠋ᠦ᠋ᠭᠡᠷ ᠰᠠᠷ᠎ᠠ ᠶᠢᠨ 28 ᠤ  ᠡᠳᠦᠷ      ᠰᠣᠷᠪᠤᠯᠵᠢᠯᠠᠭᠰᠠᠨ ᠵᠣᠴᠢᠨ᠄      ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ          ᠺᠧ ᠶᠦᠩ ᠭᠦᠸᠧ
     ᠰᠣᠷᠪᠤᠯᠵᠢᠯᠡᠨ ᠶᠠᠷᠢᠯᠴᠠᠭᠰᠠᠨ ᠲᠣᠪᠴᠢ᠄      2015 ᠣᠨ 6 ᠳ᠋ᠤᠭᠠᠷ ᠰᠠᠷ᠎ᠠ ᠳᠤ ᠲᠦᠷᠥ ᠶᠢᠨ ᠶᠠᠪᠤᠳᠠᠯ ᠤᠨ  ᠬᠤᠷᠢᠶ᠎ᠠ ᠠᠴᠠ ︽ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠲᠦᠷᠥ ᠶᠢᠨ ᠪᠣᠳᠣᠯᠭ᠎ᠠ ᠲᠣᠭᠲᠠᠭᠠᠯ ᠤᠳ ᠤᠨ ᠲᠤᠬᠠᠢ ᠰᠠᠨᠠᠯ︾ ︵ᠲᠦᠷᠥ ᠲᠠᠷᠬᠠᠭᠠᠭᠰᠠᠨ ﹇2015﹈ 32 ᠳ᠋ᠤᠭᠠᠷ ᠲᠤᠭᠠᠲᠤ︶ ᠢ ᠳᠠᠷᠤᠮᠠᠯᠯᠠᠨ ᠲᠠᠷᠬᠠᠭᠠᠪᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ 32 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ︽ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠲᠦᠷᠥ ᠶᠢᠨ ᠪᠣᠳᠣᠯᠭ᠎ᠠ ᠶᠢᠨ ᠲᠣᠭᠲᠠᠭᠠᠯ ᠤᠳ ᠤᠨ ᠲᠤᠬᠠᠢ ᠪᠣᠳᠠᠲᠠᠢ ᠬᠡᠷᠡᠭᠵᠢᠭᠦᠯᠬᠦ ᠰᠠᠨᠠᠯ︾ ᠢ ᠰᠣᠳᠣᠯᠠᠨ ᠲᠣᠭᠲᠠᠭᠠᠪᠠ᠂  ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠭᠰᠠᠨ ᠪᠠᠶᠢᠳᠠᠯ ᠶᠢ ᠨᠠᠷᠢᠨ ᠣᠶᠢᠯᠠᠭᠠᠬᠤ  ᠶᠢᠨ ᠲᠣᠰᠠᠲᠠ᠂ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠺᠧ ᠶᠦᠩ ᠭᠦᠸᠧ ᠢ ᠤᠷᠢᠵᠤ ᠰᠣᠷᠪᠤᠯᠵᠢᠯᠡᠨ ᠶᠠᠷᠢᠯᠴᠠᠪᠠ᠃      ᠰᠣᠷᠪᠤᠯᠵᠢᠯᠡᠨ ᠶᠠᠷᠢᠯᠴᠠᠭᠰᠠᠨ ᠪᠣᠳᠠᠳᠤ ᠲᠡᠮᠳᠡᠭᠯᠡᠯ      ᠬᠦᠳᠦᠯᠦᠭᠴᠢ᠄      ᠦᠪᠡᠷᠲᠡᠭᠡᠨ ᠵᠠᠰᠠᠬᠤ ᠣᠷᠣᠨ ᠤ ᠰᠣᠳᠣᠯᠠᠨ ᠲᠣᠭᠲᠠᠭᠠᠭᠰᠠᠨ ︽ᠬᠡᠷᠡᠭᠵᠢᠭᠦᠯᠬᠦ ᠰᠠᠨᠠᠯ︾ ᠳᠤ ᠭᠤᠤᠯᠳᠠᠭᠤ ᠠᠯᠢ ᠬᠡᠳᠦᠨ ᠲᠠᠯ᠎ᠠ ᠶᠢᠨ ᠠᠭᠤᠯᠭ᠎ᠠ ᠪᠠᠭᠲᠠᠵᠤ ᠪᠠᠶᠢᠬᠤ ᠪᠤᠢ︖      ᠺᠧ ᠡᠷᠬᠢᠯᠡᠭᠴᠢ᠄      ᠲᠦᠷᠥ ᠶᠢᠨ ᠶᠠᠪᠤᠳᠠᠯ ᠤᠨ ᠬᠤᠷᠢᠶ᠎ᠠ ᠶᠢᠨ 32  ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠭᠤᠣᠯᠳᠠᠭᠤ 9 ᠲᠠᠯ᠎ᠠ 30 ᠵᠣᠷᠪᠤᠰ 96 ᠵᠦᠢᠯ ᠤᠨ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠭᠰᠠᠨ ᠪᠠᠶᠢᠨ᠎ᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠳᠤ ᠬᠢᠨᠠᠮᠠᠭᠠᠢ ᠵᠤᠬᠢᠴᠠᠭᠤᠯᠣᠨ ᠲᠢᠭᠯᠡᠯᠲᠡ ᠬᠢᠭᠰᠡᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠶᠠᠪᠣᠴᠠ ᠳᠤ ᠪᠠᠴᠢᠮ ᠰᠢᠪᠲᠤᠯᠬᠤ ᠬᠡᠷᠡᠭᠲᠡᠢ ᠪᠠᠶᠢᠭᠤᠯᠤᠯ ᠲᠣᠭᠲᠠᠴᠠ ᠶᠢᠨ ᠪᠣᠭᠤᠮᠢ ᠪᠠ ᠲᠦᠷᠥ ᠶᠢᠨ ᠪᠣᠳᠣᠯᠭ᠎ᠠ ᠶᠢᠨ ᠣᠷᠴᠢᠨ ᠠᠬᠤᠢ ᠶᠢᠨ ᠬᠠᠷᠰᠢ ᠰᠠᠭᠠᠳ ᠲᠤ ᠴᠢᠭᠯᠡᠭᠦᠯᠦᠨ᠂ ︽ᠬᠡᠷᠡᠭᠵᠢᠭᠦᠯᠬᠦ ᠰᠠᠨᠠᠯ︾   ᠨᠢ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠢᠶᠠᠷ ᠲᠡᠳᠭᠦᠬᠦ ᠡᠷᠴᠢᠮ ᠢ ᠨᠡᠮᠡᠭᠳᠡᠭᠦᠯᠬᠦ᠂ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢ ᠪᠣᠶᠢᠵᠢᠭᠤᠯᠤᠨ ᠬᠦᠭᠵᠢᠭᠦᠯᠬᠦ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠢ ᠬᠦᠭᠵᠢᠭᠦᠯᠬᠦ᠂ ᠡᠭᠦᠳᠦᠨ ᠪᠦᠳᠦᠭᠡᠬᠦ ᠠᠮᠢᠵᠢᠷᠠᠯ ᠤᠨ ᠬᠦᠴᠦᠨ ᠢ ᠬᠦᠭᠵᠢᠭᠡᠬᠦ᠂ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠬᠤ ᠵᠡᠷᠭᠡ 6 ᠲᠠᠯ᠎ᠠ ᠠᠴᠠ ᠭᠤᠤᠯᠳᠠᠯᠭ᠎ᠠ ᠲᠠᠢ ᠰᠣᠳᠣᠯᠣᠨ 21 ᠵᠤᠷᠪᠣᠰ᠂ 71 ᠵᠦᠢᠯ ᠤᠨ ᠪᠣᠳᠠᠲᠠᠢ ᠲᠦᠷᠥ ᠶᠢᠨ ᠪᠣᠳᠣᠯᠭ᠎ᠠ ᠶᠢᠨ ᠠᠷᠭ᠎ᠠ  ᠬᠡᠮᠵᠢᠶ᠎ᠡ ᠶᠢ ᠳᠣᠷᠠᠳᠴᠠᠢ᠃      ᠬᠦᠳᠦᠯᠦᠭᠴᠢ᠄      ︽ᠬᠡᠷᠡᠭᠵᠢᠭᠦᠯᠬᠦ ᠰᠠᠨᠠᠯ︾ ᠨᠢ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠪᠡᠶᠡᠯᠡᠭᠦᠯᠬᠦ ᠳᠤ ᠳᠦᠭᠦᠮ ᠦᠵᠡᠭᠦᠯᠬᠦ ᠲᠠᠯ᠎ᠠ ᠪᠠᠷ ᠠᠯᠢ ᠠᠯᠢ ᠪᠣᠳᠠᠲᠠᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠷᠠᠳᠤᠭᠰᠠᠨ ᠪᠤᠢ︖      ᠺᠧ ᠡᠷᠬᠢᠯᠡᠭᠴᠢ᠄      ᠪᠠᠶᠢᠭᠤᠯᠤᠯ ᠲᠣᠭᠲᠠᠴᠠ ᠶᠢᠨ ᠢᠯᠭᠤᠮ ᠪᠣᠰᠤ ᠨᠢ ᠮᠠᠨ ᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠪᠣᠭᠤᠮᠢ ᠪᠣᠯᠣᠨ᠎ᠠ᠂ ︽ᠬᠡᠷᠡᠭᠵᠢᠭᠦᠯᠬᠦ ᠰᠠᠨᠠᠯ︾ ᠨᠢ ᠵᠠᠰᠠᠭ ᠤᠨ ᠣᠷᠳᠤᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠶᠠᠪᠣᠳᠠᠯ ᠠᠴᠠ ᠭᠠᠷᠳᠠᠵᠤ᠂ ᠭᠤᠤᠯᠴᠢ ᠪᠠᠷ ᠦᠷᠢᠰᠤᠯᠳᠡᠬᠦ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠳᠡᠭᠦᠯᠳᠡᠷᠵᠢᠭᠦᠯᠬᠦ᠂ ᠬᠤᠳᠠᠯᠳᠤᠭᠠᠨ ᠤ ᠶᠠᠪᠤᠳᠠᠯ ᠤᠨ  ᠳᠦᠷᠢᠮ ᠤᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠵᠡᠷᠭᠡ ᠲᠠᠯ᠎ᠠ ᠪᠠᠷ ᠬᠦᠴᠦᠯᠡᠨ ᠠᠯᠢ ᠤᠯᠠᠨ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠷᠠᠳᠣᠭᠰᠠᠨ ᠪᠠᠶᠢᠨ᠎ᠠ᠃ ᠵᠢᠱᠢᠶᠡᠯᠡᠪᠡᠯ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠠᠯ᠎ᠠ ᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠰᠦᠯᠵᠢᠶᠡᠨ ᠲᠡᠭᠡᠷ᠎ᠡ ᠵᠡᠷᠭᠡᠴᠡᠭᠦᠯᠦᠨ ᠬᠤᠯᠪᠤᠵᠤ ᠬᠢᠨᠠᠨ ᠵᠦᠪᠰᠢᠶᠡᠷᠡᠬᠦ ᠳᠦᠷᠢᠮ ᠢ  ᠲᠦᠷᠭᠡᠳᠭᠡᠨ ᠠᠬᠢᠭᠤᠯᠬᠤ᠂  ᠪᠡᠯᠡ ᠣᠷᠤᠭᠤᠯᠤᠯᠲᠠ ᠶᠢᠨ ᠲᠦᠷᠥᠯ ᠵᠦᠢᠯ ᠤᠨ ᠰᠦᠯᠵᠢᠶᠡᠨ ᠲᠡᠭᠡᠷ᠎ᠡ ᠬᠢᠨᠠᠨ ᠵᠦᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠪᠠᠶᠢᠭᠤᠯᠬᠤ ᠶᠢ ᠳᠣᠷᠠᠳᠴᠤ︔ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢᠨ ᠲᠠᠯ᠎ᠠ ᠪᠠᠷ ︽ᠭᠤᠷᠪᠠᠨ ᠦᠨᠡᠮᠯᠡᠯ ᠢ ᠨᠢᠭᠡᠳᠭᠡᠬᠦ︾ ᠪᠠ ︽ᠨᠢᠭᠡ ᠦᠨᠡᠮᠯᠡᠯ ᠨᠢᠭᠡ ᠳᠡᠮᠳᠡᠭ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠᠶᠢᠭᠤᠯᠬᠤ᠂ ᠬᠤᠪᠢᠷᠠᠭᠠᠬᠤ᠂ ᠬᠦᠴᠦᠨ ᠦᠭᠡᠢ ᠪᠣᠯᠭᠠᠬᠤ ᠵᠡᠷᠭᠡ ᠳᠡᠮᠳᠡᠭᠯᠡᠬᠦ ᠲᠤᠬᠠᠶᠢᠯᠠᠭᠰᠠᠨ ᠠᠵᠢᠯ ᠤᠨ ᠪᠦᠬᠦ ᠶᠠᠪᠤᠴᠠ ᠶᠢᠨ ᠡᠯᠧᠺᠲᠷᠥᠨᠴᠢᠯᠡᠭᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠭᠤᠷᠪᠠᠨ ᠦᠨᠡᠮᠯᠡᠯ ᠢ ᠨᠢᠭᠡᠳᠭᠡᠨ︾ ᠰᠦᠯᠵᠢᠶᠡᠨ ᠳᠡᠭᠡᠷ᠎ᠡ ᠬᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠳᠣᠷᠠᠳᠴᠠᠢ᠃ ᠡᠳᠡᠭᠡᠷ ᠲᠥᠷᠥ ᠶᠢᠨ ᠪᠣᠳᠣᠯᠭ᠎ᠠ ᠶᠢᠨ ᠠᠷᠭ᠎ᠠ  ᠬᠡᠮᠵᠢᠶ᠎ᠡ ᠶᠢ ᠲᠤᠭᠲᠠᠭᠠᠨ ᠨᠡᠶᠢᠲᠡᠯᠡᠭᠰᠡᠨ ᠶᠠᠪᠤᠳᠠᠯ ᠨᠢ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠬᠦᠰᠡᠯ ᠰᠠᠨᠠᠭ᠎ᠠ ᠲᠠᠢ ᠠᠵᠤ ᠠᠬᠤᠶᠢᠯᠠᠯ ᠪᠠ ᠬᠤᠪᠢ ᠬᠦᠮᠥᠨ ᠤ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ ᠦᠷᠨᠢᠭᠦᠯᠬᠦ  ᠳᠠᠬᠢ ᠳᠦᠭᠦᠮ ᠲᠥᠳᠡ ᠴᠢᠨᠠᠷ ᠢ ᠮᠡᠳᠡᠭᠳᠡᠭᠦᠶᠢᠴᠡ ᠳᠡᠭᠡᠭᠰᠢᠯᠡᠭᠦᠯᠵᠦ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠳᠤ ᠪᠠᠶᠢᠭᠤᠯᠤᠯ ᠲᠤᠭᠲᠠᠴᠠ ᠵᠢᠨ‌‍ᠰᠠᠶᠢᠨ ᠰᠠᠶᠢᠬᠠᠨ ᠤᠷᠴᠢᠨ ᠠᠬᠤᠢ ᠶᠢ ᠪᠣᠢ ᠪᠣᠯᠭᠠᠬᠤ ᠪᠣᠯᠣᠨ᠎ᠠ᠃      ᠬᠦᠳᠦᠯᠦᠭᠴᠢ᠄      ᠪᠠᠶᠢᠭᠤᠯᠤᠯ ᠲᠤᠭᠲᠠᠴᠠ ᠶᠢᠨ ᠰᠠᠶᠢᠨ ᠰᠠᠶᠢᠬᠠᠨ  ᠤᠷᠴᠢᠨ ᠠᠬᠤᠢ ᠶᠢ ᠪᠤᠢ ᠪᠤᠯᠭᠠᠵᠤ ᠥᠭᠬᠦ ᠠᠴᠠ ᠭᠠᠳᠠᠨ᠎ᠠ᠂ ᠦᠪᠡᠷᠲᠡᠭᠡᠨ ᠵᠠᠰᠠᠬᠤ ᠣᠷᠤᠨ‌‍ᠲ᠋ᠦ᠋ᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠳᠡᠳᠭᠦᠬᠦ ᠲᠥᠷᠥ ᠶᠢᠨ ᠪᠣᠳᠣᠯᠭ᠎ᠠ ᠶᠢ ᠠᠪᠬᠤ ᠪᠤᠢ︖      ᠺᠧ ᠡᠷᠬᠢᠯᠡᠭᠴᠢ᠄      ︽ᠬᠡᠷᠡᠭᠵᠢᠭᠦᠯᠬᠦ ᠰᠠᠨᠠᠯ︾ ᠢ ᠲᠤᠭᠲᠠᠭᠠᠬᠤ ᠶᠠᠪᠤᠴᠠ ᠳᠤ᠂ ᠪᠢᠳᠠ ᠵᠠᠰᠠᠭ ᠤᠨ ᠣᠷᠳᠤᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ  ᠶᠢ ᠰᠠᠶᠢᠲᠣᠷ ᠡᠵᠡᠮᠰᠢᠬᠦ ᠶᠢ ᠢᠮᠠᠭᠲᠠ ᠠᠩᠬᠠᠷᠴᠤ᠂ ᠡᠬᠢ ᠪᠠᠶᠠᠯᠢᠭ ᠢ ᠲᠣᠬᠢᠷᠠᠭᠤᠯᠬᠤ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠵᠡᠷᠭᠡᠴᠡᠪᠡᠷ᠂ ᠮᠠᠨ ᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ ᠴᠢᠩᠭ᠎ᠠ ᠪᠤᠰᠤ᠂ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠨᠡᠯᠢᠶᠡᠳ ᠶᠡᠭᠡ ᠵᠦᠷᠢᠶ᠎ᠡ ᠲᠠᠢ ᠪᠠᠶᠢᠬᠤ ᠪᠣᠳᠠᠳᠤ ᠪᠠᠶᠢᠳᠠᠯ ᠢ ᠪᠣᠳᠣᠯᠬᠢᠯᠠᠭᠠᠳ᠂ ᠵᠠᠰᠠᠭ ᠤᠨ ᠣᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠳᠡᠭ ᠢ ᠳᠤᠷᠠᠳᠪᠠ᠃ ᠨᠢᠭᠡ ᠳᠤ ᠡᠳ᠋ ᠤᠨ ᠵᠠᠰᠠᠭ ᠤᠨ ᠳᠡᠳᠭᠦᠬᠦ ᠡᠷᠴᠢᠮ ᠢ ᠨᠡᠮᠡᠭᠳᠡᠭᠦᠯᠪᠡ᠂ ᠨᠦᠬᠦᠴᠡᠯ ᠲᠠᠢ ᠭᠠᠵᠠᠷ ᠤᠷᠤᠨ ᠨᠤᠭᠤᠳ ᠤᠨ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠰᠠᠭᠤᠷᠢ ᠮᠦᠩᠭᠦ ᠪᠠᠶᠢᠭᠤᠯᠬᠤ ᠶᠢ ᠳᠡᠮᠵᠢᠭᠦ ᠶᠢᠨ ᠵᠡᠷᠭᠡᠴᠡᠪᠡᠷ ᠠᠳᠠᠯ ᠦᠢᠯᠡᠰ ᠴᠤᠭᠴᠠᠯᠠᠬᠤ ᠶᠢᠨ ᠨᠡᠪᠴᠢᠭᠦᠯᠦᠬᠦ ᠰᠢᠰᠲ᠋ᠧᠮᠵᠢ ᠪᠠᠶᠢᠭᠤᠯᠬᠤ ᠡᠷᠴᠢᠮ ᠢ ᠨᠡᠮᠡᠭᠳᠡᠭᠦᠯᠦᠨ᠂ ᠣᠯᠣᠰ ᠤᠨ ᠱᠠᠳᠤᠨ ᠤ ᠪᠠ ᠦᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ50 ᠠᠵᠤ ᠠᠬᠤᠶᠢᠯᠠᠯ ᠤᠨ ᠨᠡᠪᠴᠢᠭᠦᠯᠦᠭᠦᠷ ᠪᠣᠯᠣᠨ ᠲᠦᠮᠡᠨ ᠣᠯᠠᠨ ᠤ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ 100 ᠣᠷᠣᠨ ᠵᠠᠢ ᠶᠢ ᠭᠤᠤᠯᠳᠠᠯᠭ᠎ᠠ ᠲᠠᠢ ᠪᠠᠶᠢᠭᠤᠯᠵᠤ  ᠂ ᠡᠯ᠎ᠡ ᠭᠠᠵᠠᠷ ᠣᠷᠣᠨ‌ᠢ ᠵᠣᠷᠢᠭᠵᠢᠭᠤᠯᠤᠨ ᠨᠡᠪᠴᠢᠭᠦᠯᠥᠬᠦ ᠪᠠᠶᠢᠭᠤᠯᠤᠮᠵᠢ ᠳᠤ ᠠᠯᠪᠠᠨ ᠠᠵᠢᠯ ᠤᠨ ᠬᠡᠷᠡᠭᠯᠡᠬᠦ ᠭᠡᠷ᠂ ᠣᠰᠤ᠂ ᠡᠨᠧᠷᠬᠢ᠂ ᠲᠣᠣᠷ ᠰᠦᠯᠵᠢᠶ᠎ᠡ ᠵᠡᠷᠭᠡ ᠵᠦᠭᠡᠯᠡᠨ ᠬᠡᠷᠡᠭᠰᠡᠯ ᠤᠨ ᠲᠠᠯ᠎ᠠ ᠪᠠᠷ ᠬᠠᠷᠠᠭᠠᠯᠵᠠᠯ ᠪᠤᠶᠤ ᠨᠦᠬᠦᠪᠦᠷᠢ ᠦᠭᠴᠦ᠂ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠦᠭᠴᠢ ᠶᠢᠨ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠢ ᠭᠡᠵᠦ  ᠲᠣᠷᠠᠳᠪᠠ᠃ ᠬᠤᠶᠠᠷ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠭᠠᠶᠢᠯᠢ ᠲᠠᠲᠠᠪᠤᠷᠢ ᠶᠢᠨ ᠲᠦᠷᠥ ᠶᠢᠨ ᠪᠣᠳᠣᠯᠭ᠎ᠠ ᠶᠢ  ᠲᠡᠭᠦᠯᠳᠡᠷᠵᠢᠭᠦᠯᠪᠡ᠂ ᠵᠦᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠠᠶᠢᠯᠢ ᠳᠠᠳᠠᠪᠤᠷᠢ  ᠶᠢᠨ ᠲᠣᠷᠰᠢᠯᠲᠠ ᠶᠢᠨ ᠴᠢᠭ᠋  ᠤᠨ ᠲᠦᠷᠥ ᠶᠢᠨ ᠪᠣᠳᠣᠯᠭ᠎ᠠ ᠶᠢ ᠲᠣᠯᠢᠳᠠᠵᠤ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠬᠤ ᠶᠢᠨ ᠵᠡᠷᠭᠡᠴᠡᠪᠡᠷ ᠣᠯᠣᠰ ᠪᠠ ᠦᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠣᠬᠠᠢ ᠲᠦᠷᠥ ᠶᠢᠨ ᠪᠣᠳᠣᠯᠭ᠎ᠠ ᠨᠡᠯᠢᠶᠡᠳ ᠠᠷᠪᠢᠨ ᠪᠠᠶᠢᠬᠤ ᠶᠢ ᠪᠤᠳᠤᠯᠬᠢᠯᠠᠨ᠂ ᠠᠵᠤ ᠠᠬᠤᠶᠢᠯᠠᠯ ᠤᠳ ᠲᠤ ᠲᠦᠷᠥ ᠶᠢᠨ ᠪᠣᠳᠣᠯᠭ᠎ᠠ ᠶᠢᠨ ᠠᠭᠤᠯᠭ᠎ᠠ ᠶᠢ ᠴᠠᠭ ᠲᠤᠬᠠᠢ ᠳᠤᠨᠢ ᠤᠶᠢᠯᠠᠭᠠᠭᠤᠯᠬᠤ ᠳᠤ ᠳᠦᠭᠦᠮ ᠪᠠᠶᠢᠯᠭᠠᠬᠤ ᠶᠢᠨ ᠲᠣᠰᠠᠳᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ‍ᠦᠳ‌ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢᠨ ᠭᠠᠷᠴᠠᠭ ᠢᠶᠠᠨ ᠲᠦᠷᠭᠡᠬᠡᠨ ᠲᠣᠭᠲᠠᠭᠠᠬᠤ ᠶᠢ ᠲᠤᠳᠤᠷᠬᠠᠶᠢᠯᠠᠨ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠦᠷᠥ ᠶᠢᠨ ᠪᠤᠳᠣᠯᠭ᠎ᠠ ᠶᠢ ᠪᠤᠳᠠᠳᠤ ᠭᠠᠵᠠᠷ ᠲᠤᠨᠢ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠳᠤᠷᠠᠳᠪᠠ᠃ ᠭᠤᠷᠪᠠ ᠳᠤ ᠳᠡᠳᠭᠦᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ᠂ ᠠᠳᠠᠯ ᠦᠢᠯᠡᠰ ᠴᠣᠭᠴᠠᠯᠠᠬᠤ ᠲᠡᠮᠳᠡᠭᠲᠥ᠂ ᠰᠢᠨ᠎ᠡ ᠶᠢ ᠡᠭᠦᠳᠬᠦ ᠲᠡᠮᠳᠡᠭᠲᠦ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠢ ᠵᠤᠷᠢᠭᠵᠢᠭᠤᠯᠬᠤ ᠪᠠ ᠬᠦᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠣᠳᠣᠯᠣᠨ ᠨᠡᠬᠡᠭᠡᠬᠦ ᠤᠷᠣᠭᠤᠯᠣᠯᠲᠠ ᠶᠢ ᠨᠢ ᠨᠡᠮᠡᠭᠳᠡᠭᠦᠯᠦᠨ᠂  ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠬᠤᠷᠰᠢᠯᠴᠠᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠲᠡᠢ ᠭᠡᠵᠦ  ᠲᠣᠷᠠᠳᠪᠠ᠃      ᠬᠦᠳᠦᠯᠦᠭᠴᠢ᠄      ᠴᠢᠳᠠᠪᠤᠷᠢᠲᠠᠨ ᠪᠣᠯ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠤᠣᠯ ᠬᠦᠴᠦᠨ ᠵᠦᠢᠯ ᠪᠣᠯᠣᠨ᠎ᠠ᠂ ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ ᠪᠣᠳᠠᠲᠠᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠤᠢ︖      ᠺᠧ ᠡᠷᠬᠢᠯᠡᠭᠴᠢ᠄      ᠶᠠᠭ ᠲᠡᠶᠢᠮᠦ ᠡ᠂ ᠴᠢᠳᠠᠪᠤᠷᠢᠲᠠᠨ ᠪᠣᠯ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠶᠢᠨ ᠵᠠᠩᠬᠢᠯᠠᠭ᠎ᠠ ᠪᠤᠯᠬᠤ ᠪᠦᠭᠡᠳ‌ᠮᠦ᠋ᠨ ᠴᠦ ᠮᠠᠨ ᠤ ᠣᠷᠣᠨ ᠤ ᠬᠢᠵᠠᠭᠠᠷᠯᠠᠭᠳᠠᠵᠤ ᠪᠠᠶᠢᠭ᠎ᠠ ᠬᠦᠴᠦᠨ ᠵᠦᠢᠯ ᠪᠣᠯᠣᠨ᠎ᠠ᠃ ᠡᠶᠢᠮᠦ ᠠᠴᠠ ︽ᠬᠡᠷᠡᠭᠵᠢᠭᠦᠯᠬᠦ ᠰᠠᠨᠠᠯ︾ ᠨᠢ ᠴᠢᠳᠠᠪᠤᠷᠢᠲᠠᠨ ᠤ ᠲᠤᠬᠠᠢ ᠲᠥᠷᠦ ᠶᠢᠨ ᠪᠣᠳᠣᠯᠭ᠎ᠠ ᠶᠢ ᠨᠢᠭᠡᠨ ᠭᠤᠣᠳᠠᠯᠭ᠎ᠠ ᠪᠤᠯᠠᠭᠠᠨ᠂ ᠪᠣᠳᠠᠲᠠᠢ ᠲᠥᠷᠦ ᠶᠢᠨ ᠪᠣᠳᠣᠯᠭ᠎ᠠ ᠠᠷᠭ᠎ᠠ  ᠬᠡᠮᠵᠢᠶ᠎ᠡ ᠨᠦᠭᠦᠳ ᠢ ᠳᠤᠷᠠᠳᠪᠠ᠃ ᠨᠢᠭᠡ ᠳᠤ ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ ᠢᠷᠡᠬᠦ ᠳᠦᠷᠢᠮ ᠢ  ᠪᠠᠶᠢᠭᠤᠯᠤᠨ ᠪᠦᠷᠢᠨᠰᠢᠭᠦᠯᠦᠨ᠎ᠡ᠃ ᠴᠢᠳᠠᠪᠤᠷᠢᠲᠠᠨ ᠤ ᠲᠣᠰᠬᠠᠢ ᠵᠦᠢᠯ ᠤᠨ ᠪᠡᠯᠡ ᠮᠦᠩᠭᠦ ᠶᠢ ᠡᠮᠬᠢᠯᠡᠨ ᠨᠡᠶᠢᠯᠡᠭᠦᠯᠵᠦ᠂ ᠴᠢᠳᠠᠪᠤᠷᠢᠲᠠᠨ ᠤᠷᠣᠭᠤᠯᠵᠤ ᠢᠷᠡᠬᠦ ᠶᠢ ᠳᠡᠮᠵᠢᠬᠦ ᠡᠷᠴᠢᠮ ᠢ ᠨᠡᠮᠡᠭᠳᠡᠭᠦᠯᠬᠦ ᠬᠡᠷᠡᠭᠲᠡᠢ ᠭᠡᠵᠦ ᠳᠣᠷᠠᠳᠤᠭᠰᠠᠨ ᠤ ᠵᠡᠷᠭᠡᠴᠡᠪᠡᠷ ᠳᠡᠭᠡᠲᠦ ᠰᠣᠷᠭᠠᠭᠤᠯᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠢᠴᠢᠶᠡᠯ ᠲᠤᠬᠢᠷᠠᠭᠤᠯᠬᠤ ᠶᠢ ᠲᠦᠷᠭᠡᠳᠭᠡᠨ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠳᠠᠳᠤᠯᠭ᠎ᠠ ᠪᠤᠯᠪᠠᠰᠤᠷᠠᠭᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠ‌‍ᠶᠢ ᠴᠢᠩᠭᠠᠳᠬᠠᠨ᠂ ᠬᠠᠷᠢᠮᠠᠬᠠᠢ ᠴᠢᠨᠠᠷᠲᠠᠢ ᠰᠤᠷᠤᠯᠭ᠎ᠠ ᠶᠢᠨ ᠲᠥᠷᠢᠮ ᠵᠡᠷᠭᠡ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠡᠬᠦ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠶᠤᠲᠠᠳ ᠤᠨ ᠨᠢᠭᠡᠨ ᠭᠤᠣᠯ ᠬᠦᠴᠦᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠰᠡᠯ ᠰᠠᠨᠠᠭ᠎ᠠ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ  ᠳᠤᠷᠠᠳᠪᠠ᠃ ᠬᠤᠶᠠᠷ ᠲᠤ ᠴᠢᠳᠠᠪᠤᠷᠢᠲᠠᠨ ᠤ ᠦᠪᠡᠷ ᠢᠶᠠᠨ ᠰᠢᠯᠵᠢᠬᠦ ᠶᠢ ᠠᠬᠢᠭᠤᠯᠤᠨ᠎ᠠ᠂ ᠰᠢᠨᠵᠢᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠭᠤᠷᠣᠨᠳᠤ ᠰᠢᠯᠵᠢᠬᠦ ᠶᠢᠨ ᠨᠡᠶᠢᠭᠡᠮ ᠤᠨ ᠪᠠᠳᠣᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ ᠦᠭᠬᠦ ᠬᠡᠷᠡᠭᠲᠡᠢ ᠬᠡᠵᠥ ᠳᠤᠷᠠᠳᠪᠠ᠃ ᠭᠤᠷᠪᠠ ᠳᠤ ᠡᠯ᠎ᠡ ᠲᠦᠷᠦᠯ ᠤᠨ ᠴᠢᠳᠠᠪᠤᠷᠢᠲᠠᠨ ᠤ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠳᠡᠭᠡᠲᠦ ᠰᠣᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠣᠳᠣᠯᠤᠯ ᠤᠨ ᠬᠦᠷᠢᠶᠡᠯᠡᠩ ᠭᠠᠵᠠᠷ ᠤᠨ ᠦᠷ᠎ᠡ ᠪᠦᠳᠦᠭᠡᠯ ᠬᠤᠪᠢᠷᠠᠭᠤᠯᠤᠭᠰᠠᠨ ᠠᠰᠢᠭ ᠣᠯᠵᠠᠪᠤᠷᠢ ᠵᠢ‌‍ᠰᠢᠨᠵᠢᠯᠡᠬᠦ ᠤᠬᠠᠭᠠᠨ ᠤ ᠰᠣᠳᠣᠯᠤᠯ ᠤᠨ  ᠬᠠᠷᠢᠭᠤᠴᠠᠯᠭᠠᠲᠠᠨ᠂ ᠭᠤᠤᠯᠯᠬᠤ ᠮᠡᠷᠭᠡᠵᠢᠯ ᠤᠨ ᠠᠵᠢᠯᠲᠠᠨ ᠵᠡᠷᠭᠡ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠦᠮᠦᠰ  ᠪᠣᠯᠣᠨ ᠪᠦᠯᠬᠦᠮ ᠨᠡᠶᠢᠲᠡ ᠶᠢ ᠬᠦᠬᠢᠭᠦᠯᠦᠨ ᠱᠠᠩᠨᠠᠬᠤ ᠳᠤ ᠬᠡᠷᠡᠭᠯᠡᠬᠦ ᠬᠠᠷᠢᠴᠠᠯ ᠢ ᠣᠯᠣᠰ ᠠᠴᠠ ᠳᠣᠷᠠᠳᠣᠭᠰᠠᠨ 50% ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ ᠭᠡᠰᠡᠨ ᠠᠴᠠ ᠨᠢ 70% ᠠᠴᠠ ᠳᠣᠣᠷ᠎ᠠ ᠦᠭᠡᠢ ᠪᠠᠶᠢᠯᠭᠠᠬᠤ ᠳᠤ ᠬᠦᠷᠲᠡᠯ᠎ᠡ ᠳᠡᠭᠡᠭᠰᠢᠯᠡᠭᠦᠯᠵᠦ᠂ ᠡᠯ᠎ᠡ ᠲᠦᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠢᠳᠡᠪᠬᠢᠵᠢᠯ ᠢ ᠭᠦᠢᠴᠡᠳ ᠪᠠᠳᠠᠷᠠᠭᠤᠯᠬᠤ  ᠪᠤᠯᠤᠨ᠎ᠠ  ᠃      ᠬᠦᠳᠦᠯᠦᠭᠴᠢ᠄      ᠴᠢᠳᠠᠪᠤᠷᠢᠲᠠᠨ ᠠᠴᠠ ᠭᠠᠳᠠᠨ᠎ᠠ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠯ᠎ᠠ ᠪᠠᠷ ᠬᠢ ᠮᠦᠩᠭᠦᠨ ᠭᠦᠢᠯᠭᠡᠭᠡᠨ‌‍ᠤ  ᠲᠤᠯᠭᠠᠭᠤᠷᠢᠯᠠᠬᠤ ᠦᠢᠯᠡᠳᠦᠯ ᠢ ᠭᠡᠳ ᠣᠮᠳᠠᠭᠠᠶᠢᠯᠠᠵᠤ ᠪᠣᠯᠬᠤ ᠦᠭᠡᠢ ᠭᠡᠳᠡᠭ ᠢ ᠮᠡᠳᠡᠪᠡ᠂ ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ ᠶᠠᠮᠠᠷ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠢ︖      ᠺᠧ ᠡᠷᠬᠢᠯᠡᠭᠴᠢ᠄      ᠪᠡᠯᠡ ᠲᠤᠬᠢᠷᠠᠭᠤᠯᠬᠤ ᠳᠤ ᠬᠦᠴᠢᠷ ᠪᠠᠶᠢᠬᠤ ᠨᠢ ᠵᠢᠵᠢᠭ ᠪᠢᠴᠢᠯ ᠠᠵᠤ ᠠᠬᠤᠶᠢᠯᠠᠯ ᠤᠳ ᠢ ᠭᠠᠴᠢᠭᠳᠠᠭᠤᠯᠵᠤ ᠪᠠᠶᠢᠭ᠎ᠠ ᠳᠤᠪᠣᠶᠢᠮ᠎ᠠ ᠠᠰᠠᠭᠤᠳᠠᠯ ᠪᠣᠯᠣᠭᠰᠠᠭᠠᠷ ᠢᠷᠡᠪᠡ᠂ ︽ᠬᠡᠷᠡᠭᠵᠢᠭᠦᠯᠬᠦ ᠰᠠᠨᠠᠯ︾ ᠨᠢ ᠬᠦᠭᠵᠢᠭᠰᠡᠨ ᠭᠠᠵᠠᠷ ᠣᠷᠣᠨ ᠤ ᠠᠮᠵᠢᠯᠲᠠ ᠲᠠᠢ ᠲᠣᠷᠰᠢᠯᠭ᠎ᠠ ᠪᠣᠯᠣᠨ ᠬᠢᠭᠰᠡᠨ ᠠᠷᠭ᠎ᠠ ᠶᠢ ᠭᠦᠢᠴᠡᠳ ᠲᠣᠯᠢᠳᠠᠨ᠂ ᠮᠦᠩᠭᠦᠨ ᠭᠦᠢᠯᠭᠡᠭᠡᠨ ᠤ ᠳᠡᠳᠭᠦᠨ ᠠᠬᠢᠭᠤᠯᠬᠤ ᠦᠢᠯᠡᠳᠦᠯ ᠢ ᠴᠢᠩᠭᠠᠷᠠᠭᠤᠯᠬᠤ ᠲᠠᠯ᠎ᠠ ᠪᠠᠷ ᠰᠢᠪᠳᠤᠯᠤᠯᠲᠠ ᠶᠢᠨ ᠴᠢᠨᠠᠷᠲᠠᠢ ᠪᠠ ᠪᠦᠳᠦᠭᠡᠯᠴᠢ ᠴᠢᠨᠠᠷᠲᠠᠢ ᠲᠦᠷᠥ ᠶᠢᠨ ᠪᠣᠳᠣᠯᠭ᠎ᠠ  ᠶᠢᠨ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃ ᠨᠢᠭᠡ ᠳᠤ ᠪᠠᠩᠬᠢ ᠶᠢᠨ ᠳᠡᠮᠵᠢᠯᠭᠡ ᠦᠵᠡᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂  ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠥᠷᠢᠶᠡᠯᠠᠩ᠂ ᠳᠡᠭᠡᠲᠦ ᠰᠢᠨ᠎ᠡ ᠮᠡᠷᠭᠡᠵᠢᠯ ᠤᠨ ᠨᠡᠬᠡᠭᠡᠯᠲᠡ ᠶᠢᠨ ᠲᠣᠭᠤᠷᠢᠭ ᠪᠠ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠣᠭᠯᠠᠷᠠᠯ ᠤᠨ ᠣᠷᠣᠨ ᠳᠤ ᠡᠯ᠎ᠡ ᠲᠦᠷᠦᠯ ᠤᠨ ᠪᠠᠩᠬᠢ ᠶᠢᠨ ᠪᠠᠶᠢᠭᠤᠯᠤᠮᠵᠢ ᠨᠤᠭᠤᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠪᠠᠩᠬᠢ ᠪᠠ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠᠩᠬᠢ ᠨᠡᠬᠡᠭᠡᠨ ᠡᠷᠬᠢᠯᠡᠬᠦ ᠶᠢ ᠵᠣᠷᠢᠭᠵᠢᠭᠤᠯᠤᠨ᠎ᠠ᠃ ᠬᠤᠶᠠᠷ ᠲᠤ ᠠᠳᠠᠯ ᠦᠢᠯᠡᠰ ᠴᠣᠭᠴᠠᠯᠠᠬᠤ ᠪᠡᠯᠡ  ᠲᠤᠬᠢᠷᠠᠭᠤᠯᠬᠤ ᠰᠢᠨ᠎ᠡ ᠵᠠᠭᠪᠤᠷ ᠢ ᠪᠠᠶᠠᠯᠢᠭᠵᠢᠭᠤᠯᠵᠤ᠂ ᠪᠠᠩᠬᠢ᠂ ᠦᠨᠡᠲᠦ ᠲᠡᠮᠳᠡᠭ᠂ ᠳᠠᠭᠠᠳᠬᠠᠯ᠂ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠣᠯᠣᠨ ᠳᠠᠭᠠᠭᠠᠯᠲᠠ ᠬᠢᠬᠦ ᠪᠠᠶᠢᠭᠤᠯᠤᠮᠵᠢ ᠨᠤᠭᠤᠳ ᠤᠨ ᠢᠨᠲ᠋ᠧᠷ  ᠰᠦᠯᠵᠢᠶᠡᠨ ᠮᠦᠩᠭᠦᠨ ᠭᠦᠢᠯᠭᠡᠭᠡᠨ ᠤ ᠬᠦᠷᠢᠶ᠎ᠡ ᠶᠢᠨ ᠨᠡᠷᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ ᠦᠷᠨᠢᠭᠦᠯᠵᠦ᠂ ᠠᠷᠠᠳ ᠤᠨ ᠬᠦᠷᠦᠩᠭᠡ ᠶᠢ ᠬᠦᠳᠦᠯᠦᠨ ᠵᠢᠯᠣᠭᠤᠳᠴᠤ ᠪᠠᠶᠢᠭᠠᠳ ᠢᠨᠲ᠋ᠧᠷ  ᠰᠦᠯᠵᠢᠶᠡᠨ ᠮᠦᠩᠭᠦᠨ ᠭᠦᠢᠯᠭᠡᠭᠡᠨ ᠤ ᠲᠣᠬᠠᠶᠢᠯᠠᠭᠰᠠᠨ ᠠᠵᠢᠯ ᠢ ᠵᠢᠷᠤᠮᠵᠢᠯ ᠲᠠᠢ ᠬᠦᠭᠵᠢᠭᠦᠯᠵᠦ᠂ ᠲᠦᠮᠡᠨ ᠣᠯᠠᠨ ᠢᠶᠠᠷ ᠢᠶᠠᠨ ᠪᠡᠯᠡ ᠴᠤᠭᠯᠠᠭᠤᠯᠵᠤ ᠲᠤᠬᠢᠷᠠᠭᠤᠯᠬᠤ  ᠲᠠᠪᠴᠠᠩ ᠢ ᠵᠢᠷᠤᠮᠵᠢᠯ ᠲᠠᠢ ᠬᠦᠭᠵᠢᠭᠦᠯᠬᠦ ᠶᠢ ᠳᠡᠮᠵᠢᠭᠦ ᠪᠠ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠳᠤᠷᠠᠳᠪᠠ᠃ ᠭᠤᠷᠪᠠ ᠳᠤ ᠬᠦᠷᠦᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠢ ᠪᠤᠶᠢᠵᠢᠭᠤᠯᠤᠨ ᠵᠠᠬ᠎ᠠ ᠳᠡᠯᠭᠡᠭᠦᠷ ᠲᠤ ᠭᠠᠷᠭᠠᠬᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠲᠥᠷᠢᠮ ᠢᠶᠠᠨ ᠦᠭᠡᠷᠡᠴᠢᠯᠡᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ  ᠵᠦᠢᠯ ᠤᠨ ᠵᠠᠬ᠎ᠠ ᠳᠡᠯᠭᠡᠭᠦᠷ ᠲᠤ ᠭᠠᠷᠴᠤ ᠵᠢᠩᠬᠢᠨᠢ ᠪᠠᠷ ᠠᠵᠢᠯ ᠡᠬᠢᠯᠡᠭᠦᠯᠬᠦ᠂ ᠣᠷᠣᠨ ᠪᠦᠰᠡ ᠶᠢᠨ ᠰᠲ᠋ᠤᠺ ᠠᠷᠠᠯᠵᠢᠶᠠᠯᠠᠬᠤ ᠲᠥᠪ ᠤᠨ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ ᠮᠦᠩᠭᠦ  ᠴᠤᠭᠯᠠᠭᠤᠯᠬᠤ ᠶᠢ ᠵᠤᠷᠢᠭᠵᠢᠭᠤᠯᠬᠤ ᠪᠠ ᠬᠦᠳᠦᠯᠦᠨ ᠵᠢᠯᠤᠭᠤᠳᠤᠨ᠎ᠠ᠃ ᠳᠥᠷᠪᠡ ᠳᠤ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢ ᠶᠡᠬᠡᠪᠡᠷ ᠪᠤᠶᠢᠵᠢᠭᠤᠯᠤᠨ ᠬᠦᠭᠵᠢᠭᠦᠯᠵᠦ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠤᠭᠤᠯᠤᠯᠲᠠ ᠶᠢ ᠬᠦᠳᠦᠯᠦᠨ ᠵᠢᠯᠣᠭᠤᠳᠬᠤ 5 ᠳ᠋ᠦᠩᠰᠢᠭᠤᠷ ᠲᠦᠭᠦᠷᠢᠭ ᠤᠨ ᠰᠠᠭᠤᠷᠢ ᠮᠦᠩᠭᠦ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠷᠥ ᠶᠢᠨ ᠪᠣᠳᠣᠯᠭ᠎ᠠ ᠪᠠᠷ ᠳᠡᠳᠭᠦᠬᠦ ᠡᠷᠴᠢᠮ  ᠢ  ᠨᠡᠮᠡᠭᠳᠡᠭᠦᠯᠦᠨ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠲᠦᠷᠭᠡᠨ ᠦᠷᠭᠡᠳᠭᠡᠨ᠎ᠡ᠃      ᠬᠦᠳᠦᠯᠦᠭᠴᠢ᠄      ᠲᠠᠨ ᠤ ᠰᠠᠶ᠋ᠢ ᠦᠪᠡᠷᠲᠡᠭᠡᠨ ᠵᠠᠰᠠᠬᠤ ᠣᠷᠣᠨ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠤᠭᠤᠯᠤᠯᠳᠠ ᠶᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠦᠷᠢᠭ ᠤᠨ ᠰᠠᠭᠤᠷᠢ ᠮᠦᠩᠭᠦ  ᠪᠠᠶᠢᠭᠤᠯᠤᠨ᠎ᠠ ᠭᠡᠵᠥ ᠳᠤᠷᠠᠳᠪᠠ᠂ ᠲᠡᠭᠦᠨ ᠤ  ᠠᠵᠢᠯᠯᠠᠭᠤᠯᠬᠤ ᠵᠠᠭᠪᠤᠷ ᠨᠢ ᠶᠠᠮᠠᠷ ᠰᠢᠭ᠋ ᠪᠣᠢ︖      ᠺᠧ ᠡᠷᠬᠢᠯᠡᠭᠴᠢ᠄      ᠬᠡᠷᠡᠭᠵᠢᠭᠦᠯᠬᠦ ᠲᠠᠯ᠎ᠠ ᠪᠠᠷ ᠣᠯᠣᠰ ᠠᠴᠠ ᠠᠯᠢ ᠡᠷᠲᠡ 2009 ᠣᠨ ᠠᠴᠠ ᠡᠬᠢᠯᠡᠨ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠲᠦᠯᠦᠪᠯᠡᠭᠡ ᠶᠢ ᠡᠬᠢᠯᠡᠨ ᠬᠡᠷᠡᠭᠵᠢᠭᠦᠯᠪᠡ᠂ ᠲᠡᠭᠦᠨ ᠤ  ᠠᠵᠢᠯᠯᠠᠭᠤᠯᠬᠤ ᠵᠠᠭᠪᠤᠷ ᠨᠢ ᠪᠣᠯ᠄  ᠲᠥᠪ  ᠤᠨ ᠡᠳ᠋ ᠤᠨ ᠵᠠᠰᠠᠭ ᠠᠴᠠ 5000 ᠲᠦᠮᠡᠨ ᠲᠥᠭᠦᠷᠢᠭ ᠤᠨ ᠪᠡᠯᠡ ᠭᠠᠷᠭᠠᠵᠤ᠂ ᠣᠷᠣᠨ ᠨᠣᠳᠤᠭ ᠤᠨ ᠵᠠᠰᠠᠭ ᠤᠨ ᠣᠷᠳᠣᠨ ᠢᠵᠢ ᠪᠦᠷᠢᠳᠦᠭᠦᠯᠦᠨ 5000 ᠲᠦᠮᠡᠨ ᠲᠦᠭᠦᠷᠢᠭ ᠤᠨ ᠪᠡᠯᠡ ᠭᠠᠷᠭᠠᠵᠤ᠂ ᠨᠡᠶᠢᠭᠡᠮ ᠤᠨ ᠡᠭᠦᠰᠭᠡᠨ ᠪᠠᠶᠢᠭᠤᠯᠤᠭᠴᠢ 1.5  ᠳ᠋ᠦᠩᠰᠢᠭᠤᠷ ᠲᠦᠭᠦᠷᠢᠭ ᠤᠨ ᠪᠡᠯᠡ ᠭᠠᠷᠭᠠᠭᠤᠯᠵᠤ᠂ ᠬᠠᠮᠳᠤ ᠪᠠᠷ ᠬᠤᠪᠢ ᠤᠷᠣᠭᠤᠯᠤᠨ ᠶᠡᠷᠥᠩᠬᠡᠢ ᠬᠡᠪᠴᠢᠶ᠎ᠡ ᠨᠢ 2.5 ᠳ᠋ᠦᠩᠰᠢᠭᠤᠷ ᠲᠦᠭᠦᠷᠢᠭ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠪᠠᠶᠢᠭᠤᠯᠵᠤ ᠂ ᠵᠠᠰᠠᠭ ᠤᠨ ᠣᠷᠳᠤᠨ ᠤ ᠪᠡᠯᠡ ᠮᠦᠩᠭᠦ ᠶᠢᠨ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠦᠷᠦᠩᠭᠡ ᠶᠢ ᠬᠦᠳᠦᠯᠦᠨ ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ  ᠭᠤᠤᠯᠳᠠᠯᠭ᠎ᠠ ᠲᠠᠢ ᠬᠦᠷᠢᠶᠡᠨ ᠤ ᠠᠩᠬᠠᠨ ᠤ ᠪᠠ ᠳᠤᠮᠳᠠᠬᠢ ᠦᠶ᠎ᠡ᠂ ᠠᠩᠬ᠎ᠠ ᠴᠣᠭᠴᠠᠯᠠᠬᠤ ᠦᠶ᠎ᠡ ᠳᠤ ᠣᠷᠣᠰᠢᠵᠤ ᠪᠠᠶᠢᠭ᠎ᠠ ᠠᠵᠤ ᠠᠬᠤᠶᠢᠯᠠᠯ ᠲᠡᠰᠢ ᠣᠷᠣᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠭᠡᠨ᠎ᠡ᠃ ᠤᠳᠤᠬᠠᠨ ᠳᠤ᠂ ᠤᠯᠤᠰ ᠢᠶᠠᠷ ᠵᠦᠪᠰᠢᠶᠡᠷᠡᠭᠦᠯᠦᠭᠡᠳ ᠪᠦᠬᠦ ᠣᠯᠣᠰ ᠲᠤ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠣᠭᠤᠯᠣᠯᠲᠠ ᠶᠢᠨ213  ᠰᠠᠭᠤᠷᠢ ᠮᠦᠩᠭᠦ ᠪᠠᠶᠢᠭᠤᠯᠵᠤ᠂ ᠶᠡᠷᠦᠩᠬᠡᠢ ᠬᠡᠪᠴᠢᠶ᠎ᠡ ᠨᠢ 574 ᠳ᠋ᠦᠩᠰᠢᠭᠤᠷ ᠲᠦᠭᠦᠷᠢᠭ ᠪᠠᠶᠢᠵᠤ᠂ ᠡᠭᠦᠨ ᠳᠤ ᠲᠥᠪ ᠠᠴᠠ 106 ᠳ᠋ᠦᠩᠰᠢᠭᠤᠷ ᠲᠦᠭᠦᠷᠢᠭ ᠤᠨ ᠪᠡᠯᠡ ᠭᠠᠷᠭᠠᠪᠠ᠃ ᠲᠦᠷᠦᠭᠦᠬᠡᠨ ᠣᠯᠣᠰ ᠠᠴᠠ ᠶᠡᠷᠦᠩᠬᠡᠢ ᠬᠡᠪᠴᠢᠶ᠎ᠡ ᠨᠢ 400 ᠳ᠋ᠦᠩᠰᠢᠭᠤᠷ ᠲᠦᠭᠦᠷᠢᠭ ᠪᠦᠬᠦᠢ ᠣᠯᠣᠰ ᠤᠨ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ‌‍ᠶᠢ ᠬᠦᠳᠦᠯᠦᠨ ᠵᠢᠯᠤᠭᠤᠳᠬᠤ ᠰᠠᠭᠤᠷᠢ ᠮᠦᠩᠭᠦ ᠪᠠᠶᠢᠭᠤᠯᠬᠤ ᠪᠠᠷ ᠲᠤᠭᠲᠠᠵᠤ᠂  ᠬᠦᠳᠦᠯᠦᠨ ᠵᠢᠯᠣᠭᠤᠳᠬᠤ ᠰᠠᠭᠤᠷᠢ ᠮᠦᠩᠭᠦ  ᠶᠢ ᠪᠠᠶᠢᠭᠤᠯᠤᠭᠰᠠᠨ ᠤ ᠳᠠᠷᠠᠭ᠎ᠠ ᠲᠥᠪ ᠤᠨ ᠬᠤᠪᠢ ᠤᠷᠤᠭᠤᠯᠬᠤ ᠪᠡᠯᠡ ᠮᠦᠩᠭᠦ  ᠶᠢ ᠬᠦᠳᠦᠯᠦᠨ ᠵᠢᠯᠣᠭᠤᠳᠬᠤ ᠰᠠᠭᠤᠷᠢ ᠮᠦᠩᠭᠦ ᠠᠴᠠ ᠪᠡᠯᠡ ᠮᠦᠩᠭᠦ ᠭᠠᠷᠭᠠᠵᠤ᠂ ᠲᠥᠪ ᠤᠨ ᠪᠡᠯᠡ ᠭᠠᠷᠭᠠᠬᠤ ᠨᠢ ᠨᠡᠩ ᠢᠯᠡᠭᠦᠦ ᠪᠠᠲᠣᠯᠠᠭ᠎ᠠ ᠲᠠᠢ ᠪᠣᠯᠵᠤ᠂ ᠬᠡᠪᠴᠢᠶ᠎ᠡ  ᠨᠢ ᠶᠡᠭᠡ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠮᠠᠨ ᠤ ᠣᠷᠣᠨ ᠤ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠦᠭᠵᠢᠯᠲᠡ ᠪᠠᠷ ᠬᠠᠷᠢᠴᠠᠩᠭᠤᠢ ᠬᠤᠴᠤᠷᠴᠤ᠂ ᠤᠳᠤᠬᠠᠨ ᠳᠤ ᠣᠯᠣᠰ ᠤᠨ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠤᠭᠤᠯᠤᠯᠳᠠ ᠶᠢᠨ ᠰᠠᠭᠤᠷᠢ ᠮᠦᠩᠭᠦ  3  ᠪᠠᠶᠢᠵᠤ᠂ ᠬᠡᠪᠴᠢᠶ᠎ᠡ ᠨᠢ ᠪᠦᠬᠦ ᠣᠯᠣᠰ ᠤᠨ ᠶᠡᠷᠦᠩᠬᠡᠢ ᠬᠡᠪᠴᠢᠶ᠎ᠡ ᠶᠢᠨ ᠵᠦᠪᠬᠡᠨ 1.4%  ᠶᠢ ᠡᠵᠡᠯᠡᠵᠦ᠂ ᠵᠡᠬᠦᠨ ᠬᠡᠰᠡᠭ ᠤᠨ ᠭᠠᠵᠠᠷ ᠣᠷᠤᠨ  ᠯᠤᠭ᠎ᠠ ᠠᠴᠠ ᠨᠡᠯᠢᠶᠡᠳ ᠶᠡᠭᠡ ᠵᠦᠷᠢᠶ᠎ᠡ ᠲᠠᠢ ᠪᠠᠶᠢᠬᠤ ᠪᠠᠷ ᠪᠠᠷᠠᠬᠤ ᠦᠭᠡᠢ᠂ ᠪᠠᠷᠠᠭᠤᠨ ᠬᠡᠰᠡᠭ ᠤᠨ ᠭᠠᠵᠠᠷ ᠣᠷᠣᠨ  ᠳᠤ ᠭᠡᠳ ᠬᠤᠴᠤᠷᠤᠩᠭᠤᠢ ᠪᠠᠶᠢᠷᠢ ᠳᠤ ︵ ᠤᠶᠢᠯᠠᠭᠠᠭᠰᠠᠨ ᠢᠶᠠᠷ᠂ ᠣᠳᠣᠬᠠᠨ ᠳᠤ ᠪᠡᠭᠡᠵᠢᠩ ᠬᠤᠲᠠ 26 ᠰᠠᠭᠤᠷᠢ ᠮᠦᠩᠭᠦ ᠵᠦᠪᠰᠢᠶᠡᠷᠡᠭᠦᠯᠦᠨ ᠪᠠᠶᠢᠭᠤᠯᠤᠭᠠᠳ᠂ ᠾᠧᠨᠠᠠ ᠮᠤᠵᠢ 16᠂ ᠬᠤᠪᠧᠢ ᠮᠤᠵᠢ 11᠂   ᠴᠦᠩᠴᠢᠩ ᠬᠤᠲᠠ 6᠂ ᠱᠠᠨ ᠰᠢ ᠮᠤᠵᠢ10  ᠶᠢ  ᠪᠠᠶᠢᠭᠤᠯᠪᠠ︶ ᠤᠷᠤᠰᠢᠵᠤ ᠪᠠᠶᠢᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢ ᠲᠦᠷᠭᠡᠳᠭᠡᠨ ᠬᠦᠭᠵᠢᠭᠦᠯᠵᠦ᠂ ᠠᠵᠤ ᠠᠬᠤᠶᠢᠯᠠᠯ ᠤᠨ ᠰᠢᠭᠤᠳ ᠪᠡᠯᠡ  ᠲᠤᠬᠢᠷᠠᠭᠤᠯᠬᠤ ᠠᠷᠭ᠎ᠠ ᠵᠠᠮ ᠢ ᠦᠷᠭᠡᠵᠢᠭᠦᠯᠬᠦ ᠶᠢᠨ ᠲᠣᠰᠠᠳᠠ᠂ ︽ᠬᠡᠷᠡᠭᠵᠢᠭᠦᠯᠬᠦ ᠰᠠᠨᠠᠯ︾  ᠳᠤ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠤᠭᠴᠠᠯᠠᠬᠤ ᠪᠡᠯᠡ ᠤᠷᠤᠭᠤᠯᠤᠯᠳᠠ‌‍ᠶᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠦᠷᠢᠭ ᠪᠦᠬᠦᠢ ᠰᠠᠭᠤᠷᠢ ᠮᠦᠩᠭᠦ ᠪᠠᠶᠢᠭᠤᠯᠵᠤ᠂ ᠨᠢᠭᠡ ᠲᠠᠯ᠎ᠠ ᠪᠠᠷ ᠬᠦᠳᠦᠯᠦᠨ ᠵᠢᠯᠣᠭᠤᠳᠬᠤ ᠰᠠᠭᠤᠷᠢ ᠮᠦᠩᠭᠦ ᠶᠢ ᠣᠯᠣᠰ ᠤᠨ ᠬᠦᠳᠦᠯᠦᠨ ᠵᠢᠯᠣᠭᠤᠳᠬᠤ ᠰᠠᠭᠤᠷᠢ ᠮᠦᠩᠭᠦ ᠯᠦᠭᠡ ᠲᠦᠬᠦᠷᠵᠢᠭᠦᠯᠦᠨ᠂ ᠣᠯᠣᠰ ᠤᠨ ᠬᠦᠳᠦᠯᠦᠨ ᠵᠢᠯᠤᠭᠤᠳᠬᠤ ᠰᠠᠭᠤᠷᠢ ᠮᠦᠩᠭᠦ ᠶᠢᠨ ᠳᠡᠮᠵᠢᠯᠭᠡ ᠶᠢ ᠣᠯᠬᠤ ᠳᠤ ᠰᠠᠭᠤᠷᠢ ᠲᠠᠯᠪᠢᠵᠤ᠂ ᠨᠦᠭᠦᠭᠡ ᠲᠠᠯ᠎ᠠ ᠪᠠᠷ ᠦᠪᠡᠷᠲᠡᠭᠡᠨ ᠵᠠᠰᠠᠬᠤ ᠣᠷᠤᠨ ᠤᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠦᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠤᠢ ᠪᠤᠯᠤᠭᠰᠠᠨ‌ᠠᠵᠤ ᠦᠢᠯᠡᠰ ᠤᠨ ᠠᠳᠠᠯ ᠦᠢᠯᠡᠰ ᠴᠤᠭᠴᠠᠯᠠᠬᠤ ᠳᠤ  ᠪᠡᠯᠡ ᠤᠷᠤᠭᠤᠯᠬᠤ ᠨᠢᠭᠡ ᠪᠦᠯᠦᠭ ᠰᠠᠭᠤᠷᠢ ᠮᠦᠩᠭᠦ ᠶᠢ ᠲᠦᠷᠭᠡᠳᠭᠡᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠶᠢᠨ ᠬᠡᠪᠴᠢᠶ᠎ᠡ ᠶᠢ ᠲᠦᠷᠭᠡᠳᠭᠡᠨ  ᠦᠷᠭᠡᠳᠭᠡᠬᠦ ᠶᠢ ᠳᠤᠷᠠᠳᠤᠭᠰᠠᠨ ᠪᠠᠶᠢᠨ᠎ᠠ᠃      ᠬᠦᠳᠦᠯᠦᠭᠴᠢ᠄      ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠤᠨ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠢ ᠦᠷᠨᠢᠭᠦᠯᠵᠦ ᠡᠯ᠎ᠡ ᠵᠦᠢᠯ ᠤᠨ  ᠲᠦᠷᠥ ᠶᠢᠨ ᠪᠣᠳᠣᠯᠭ᠎ᠠ ᠶᠢ ᠪᠣᠳᠠᠳᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠪᠣᠢ︖      ᠺᠧ ᠡᠷᠬᠢᠯᠡᠭᠴᠢ᠄      ᠨᠢᠭᠡ ᠳᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠡᠭᠦᠷᠭᠡ ᠶᠢᠨ ᠬᠤᠪᠢᠶᠠᠷᠢᠯᠠᠯ ᠢ ᠲᠤᠳᠤᠷᠬᠠᠶᠢᠯᠠᠨ᠎ᠠ᠃ ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠰᠠᠯᠠᠭ᠎ᠠ ᠮᠦᠴᠢᠷ ᠤᠳ ᠤᠨ ᠬᠠᠮᠳᠤᠷᠠᠭᠰᠠᠨ ᠬᠤᠷᠠᠯᠳᠤᠭᠠᠨ ᠤ ᠳᠦᠷᠢᠮ ᠢ  ᠲᠦᠷᠭᠡᠬᠡᠨ ᠪᠠᠶᠢᠭᠤᠯᠵᠤ᠂ ᠠᠵᠢᠯ ᠤᠨ ᠵᠤᠬᠢᠴᠠᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠢᠶᠠᠨ ᠲᠦᠯᠬᠢᠨ ᠠᠬᠢᠭᠤᠯᠬᠤ  ᠨᠡᠶᠢᠯᠡᠮᠡᠯ ᠬᠦᠴᠦᠨ ᠢ ᠪᠣᠢ ᠪᠤᠯᠭᠠᠨ᠎ᠠ᠃ ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠡᠭᠦᠷᠭᠡ ᠶᠢᠨ ᠬᠤᠪᠢᠶᠠᠷᠢᠯᠠᠯ ᠶᠤᠰᠣᠭᠠᠷ᠂   ᠭᠤᠤᠯᠳᠠᠯᠭ᠎ᠠ ᠲᠠᠢ ᠡᠭᠦᠷᠭᠡ ᠶᠢ ᠡᠯ᠎ᠡ ᠡᠭᠦᠷᠭᠡ ᠴᠢᠳᠠᠪᠤᠷᠢᠳᠤ ᠰᠠᠯᠠᠭ᠎ᠠ ᠮᠦᠴᠢᠷ ᠲᠤ ᠨᠠᠷᠢᠯᠢᠭᠵᠢᠭᠤᠯᠤᠨ ᠵᠠᠳᠠᠯᠵᠤ᠂ ᠠᠵᠢᠯ ᠤᠨ ᠠᠬᠢᠴᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠨ᠂ ᠬᠠᠷᠢᠭᠤᠴᠠᠯᠭ᠎ᠠ ᠶᠢᠨ ᠭᠤᠣᠯ ᠴᠤᠭᠴᠠ ᠶᠢ ᠨᠠᠶᠢᠳᠠᠪᠤᠷᠢᠵᠢᠭᠤᠯᠤᠨ᠎ᠠ᠃  ᠬᠤᠶᠠᠷ ᠲᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠨᠢᠭᠦᠯᠦᠨ᠎ᠡ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠲᠣᠷᠰᠢᠯᠲᠠ ᠶᠢᠨ  ᠲᠦᠰᠦᠯ ᠢ ᠰᠤᠳᠤᠯᠤᠨ ᠲᠣᠭᠲᠠᠭᠠᠵᠤ᠂ ᠨᠦᠬᠦᠴᠡᠯ ᠲᠠᠢ ᠵᠠᠷᠢᠮ ᠭᠠᠵᠠᠷ ᠣᠷᠤᠨ ᠢ ᠰᠤᠩᠭᠤᠨ ᠠᠳᠠᠯ ᠦᠢᠯᠠᠰ ᠴᠣᠭᠴᠠᠯᠠᠵᠤ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠢᠳᠡᠪᠬᠢᠲᠡᠢ ᠦᠷᠨᠢᠭᠦᠯᠵᠦ᠂ ᠵᠠᠬ᠎ᠠ ᠳᠡᠯᠭᠡᠭᠦᠷ ᠲᠤ ᠭᠤᠣᠯᠴᠢ ᠪᠠᠷ ᠦᠷᠢᠰᠦᠯᠳᠦᠬᠦ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ᠂ ᠴᠢᠳᠠᠪᠤᠷᠢᠲᠠᠨ ᠬᠦᠮᠦᠵᠢᠭᠦᠯᠬᠦ ᠪᠠ ᠣᠷᠮᠠᠰᠢᠭᠤᠯᠬᠤ᠂ ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠬᠦ᠂  ᠨᠡᠬᠡᠭᠡᠯᠲᠡᠲᠡᠢ ᠪᠠᠷ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠵᠡᠷᠭᠡ ᠲᠠᠯ᠎ᠠ ᠪᠠᠷ ᠴᠢᠬᠤᠯᠠ ᠶᠡᠭᠡ ᠦᠭᠡᠷᠡᠴᠢᠯᠡᠯᠲᠡ ᠶᠢᠨ ᠰᠢᠪᠳᠤᠯᠤᠯᠲᠠ ᠲᠠᠢ ᠪᠤᠯᠭᠠᠵᠤ᠂ ᠲᠣᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠭᠤᠷᠪᠠ ᠳᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ  ᠃ ᠤᠶᠢᠷ᠎ᠠ ᠶᠢᠨ ᠬᠤᠭᠤᠴᠠᠭᠠᠨ ᠳᠤ ᠣᠷᠤᠨ ᠤ ᠳᠤᠲᠤᠷ᠎ᠠ ᠭᠠᠳᠠᠨᠠᠬᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠵᠤᠬᠢᠶᠠᠨ ᠪᠠᠶᠢᠭᠤᠯᠤᠨ ᠨᠢᠭᠡᠨ ᠣᠳᠠᠭᠠᠨ ᠤ ᠤᠬᠠᠭᠤᠯᠤᠨ ᠮᠡᠳᠡᠭᠡᠯᠡᠬᠦ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠦ᠂ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ᠂ ᠨᠡᠶᠢᠳᠡᠯᠢᠭ ᠵᠢᠱᠢᠶ᠎ᠡ ᠪᠠ ᠲᠤᠷᠰᠢᠯᠭ᠎ᠠ᠂ ᠰᠢᠯᠢᠳᠡᠭ ᠠᠳᠠᠯ ᠦᠢᠯᠡᠰ ᠴᠣᠭᠴᠠᠯᠠᠭᠴᠢ᠂ ᠰᠢᠨ᠎ᠡ ᠶᠢ ᠡᠭᠦᠳᠦᠭᠰᠡᠨ ᠴᠢᠳᠠᠪᠤᠷᠢᠲᠠᠨ ᠪᠣᠯᠣᠨ ᠪᠦᠯᠬᠦᠮ ᠨᠡᠶᠢᠲᠡ ᠶᠢ ᠶᠡᠬᠡᠪᠡᠷ ᠤᠬᠠᠭᠤᠯᠵᠤ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠶᠢ ᠵᠤᠷᠢᠭᠵᠢᠭᠤᠯᠬᠤ᠂ ᠢᠯᠠᠭᠳᠠᠯ ᠢ ᠠᠭᠤᠴᠢᠯᠠᠨ ᠪᠠᠭᠲᠠᠭᠠᠬᠤ ᠰᠤᠶᠤᠯ ᠪᠤᠯᠤᠨ ᠨᠡᠶᠢᠭᠡᠮ ᠤᠨ ᠤᠷᠴᠢᠨ ᠠᠬᠤᠢ ᠶᠢ ᠴᠢᠷᠮᠠᠶᠢᠨ ᠪᠣᠢ ᠪᠤᠯᠭᠠᠨ᠎ᠠ᠃ ᠡᠭᠦᠨ ᠤ ᠵᠡᠷᠭᠡᠴᠡᠪᠡᠷ᠂ ᠵᠢᠯ ᠤᠨ  ᠡᠴᠦᠰ  ᠠᠴᠠ ᠡᠮᠦᠨ᠎ᠡ ᠨᠢᠭᠡᠨ ᠣᠳᠠᠭᠠᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠲᠥᠷᠥ ᠶᠢᠨ ᠪᠣᠳᠤᠯᠭ᠎ᠠ ᠶᠢ ᠬᠡᠷᠡᠭᠵᠢᠭᠦᠯᠦᠭᠰᠡᠨ ᠢ ᠦᠨᠡᠯᠡᠨ ᠵᠢᠱᠢᠬᠦ ᠰᠢᠰᠲ᠋ᠧᠮᠵᠢ ᠪᠣᠯᠣᠨ ᠨᠡᠪᠲᠡᠷᠡᠭᠦᠯᠬᠦ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ  ᠪᠠᠲᠤᠯᠠᠨ᠎ᠠ᠃      ᠬᠦᠳᠦᠯᠦᠭᠴᠢ᠄      ᠵᠠ᠂ ᠺᠧ ᠡᠷᠬᠢᠯᠡᠭᠴᠢ ᠶᠢᠨ ᠨᠠᠷᠢᠨ ᠲᠤᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ  ᠂ ᠮᠦᠨᠴᠦ ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ  ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ︕
     ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠺᠧᠲᠷᠤᠨ ᠵᠠᠰᠠᠭ ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ ᠳᠤ ᠪᠠᠷ᠎ᠠ ᠪᠣᠯᠵᠤ  ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ
     ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠺᠧᠲᠷᠤᠨ ᠵᠠᠰᠠᠭ ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ ᠳᠤ ᠪᠠᠷ᠎ᠠ ᠪᠣᠯᠵᠤ  ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ                
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ