1 — 9 ᠳ᠋ᠤᠭᠡᠷ ᠰᠠᠷ᠎ᠠ ᠳᠤ ᠤᠯᠠᠭᠠᠨᠴᠠᠪ ᠬᠤᠳᠠ ᠬᠤᠳᠠᠯᠳᠤᠭᠠᠴᠢᠨ ᠤᠷᠢᠵᠤ ᠪᠡᠯᠡ ᠣᠷᠤᠭᠤᠯᠤᠭᠰᠠᠨ 209.12 ᠳ᠋ᠥᠡᠭᠰᠢᠭᠤᠷ ᠲᠥᠭᠦᠷᠢᠭ ᠪᠡᠯᠡ ᠮᠥᠡᠭᠭᠦ ᠶᠢ ᠪᠤᠲᠠᠲᠠᠶᠢᠵᠢᠭᠤᠯᠪᠠ
ᠨᠡᠶᠢᠲᠡᠯᠡᠭᠰᠡᠨ ᠴᠠᠭ᠄
2015/10/21
     1 — 9 ᠳ᠋ᠤᠭᠡᠷ ᠰᠠᠷ᠎ᠠ ᠳᠤ᠂ ᠪᠥᠬᠦ ᠬᠤᠲᠠ ᠬᠤᠳᠠᠯᠳᠤᠭᠠᠴᠢᠨ ᠤᠷᠢᠵᠤ ᠪᠡᠯᠡ ᠣᠷᠤᠭᠤᠯᠤᠭᠰᠠᠨ 209.12 ᠳ᠋ᠥᠡᠭᠰᠢᠭᠤᠷ ᠲᠥᠭᠦᠷᠢᠭ ᠤᠨ ᠪᠡᠯᠡ ᠮᠥᠡᠭᠭᠦ ᠶᠢ ᠪᠤᠲᠠᠲᠠᠶᠢᠵᠢᠭᠤᠯᠵᠤ᠂ ᠡᠭᠦᠨ ᠳᠤ᠂ ᠤᠯᠤᠰ ᠤᠨ ᠳᠣᠲᠣᠭᠠᠳᠤ ᠶᠢᠨ ᠪᠡᠯᠡ ᠮᠥᠩᠭᠦ 135.70 ᠳ᠋ᠥᠡᠭᠰᠢᠭᠤᠷ ᠲᠥᠭᠦᠷᠢᠭ ᠢ ᠣᠷᠤᠭᠤᠯᠪᠠ᠃ ᠪᠦᠬᠦ ᠬᠤᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠨᠡᠶᠢᠲᠡ 141 ᠵᠦᠢᠯ ᠢ ᠬᠡᠷᠡᠭᠵᠢᠭᠦᠯᠵᠦ᠂ ᠡᠭᠦᠨ ᠳᠤ᠂ ᠤᠯᠤᠰ ᠤᠨ ᠳᠣᠲᠣᠭᠠᠳᠤ ᠶᠢᠨ ᠲᠥᠷᠥᠯ ᠵᠦᠢᠯ  84᠂ ᠣᠷᠣᠨ ᠤ ᠳᠣᠲᠣᠷᠠᠬᠢ ᠲᠥᠷᠥᠯ ᠵᠦᠢᠯ 59 ᠪᠠᠶᠢᠨ᠎ᠠ᠃      ᠪᠡᠯᠡ ᠣᠷᠣᠭᠤᠯᠤᠯᠲᠠ ᠶᠢᠨ ᠬᠡᠪᠴᠢᠶ᠎ᠡ ᠠᠴᠠ ᠦᠵᠡᠪᠡᠯ᠂ ᠪᠡᠯᠡ ᠣᠷᠣᠭᠤᠯᠤᠯᠲᠠ ᠶᠢᠨ ᠪᠦᠬᠦ ᠲᠤᠭ᠎ᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢ ᠲᠥᠷᠥᠯ ᠵᠦᠢᠯ 114 ᠪᠠᠶᠢᠵᠤ᠂ ᠨᠡᠶᠢᠲᠡ 196.61 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 94%᠎ ᠶᠢ ᠡᠵᠡᠯᠡᠪᠡ᠃ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠦᠵᠡᠪᠡᠯ᠂ ᠴᠠᠬᠢᠯᠭᠠᠨ ᠬᠦᠴᠦ᠂ ᠰᠢᠲᠠᠮᠠᠬᠠᠢ ᠬᠡᠢ ᠪᠣᠯᠣᠨ ᠤᠰᠤᠨ ᠤ ᠦᠢᠯᠡᠳᠪᠦᠷᠢᠯᠡᠯ ᠪᠠ ᠬᠠᠨᠭ᠍ᠭᠠᠯᠭ᠎ᠠ ᠶᠢᠨ ᠦᠢᠯᠡᠰ 35 ᠵᠦᠢᠯ ᠪᠠᠶᠢᠵᠤ᠂ 85.54 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 40.90%᠎ ᠶᠢ ᠡᠵᠡᠯᠡᠪᠡ᠃ ᠦᠢᠯᠡᠳᠬᠦ ᠦᠢᠯᠡᠰ 54 ᠵᠦᠢᠯ ᠪᠠᠶᠢᠵᠤ ᠂ 84.12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 40.23%᠎ ᠶᠢ ᠡᠵᠡᠯᠡᠪᠡ᠃ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠰ 18 ᠵᠦᠢᠯ ᠪᠠᠶᠢᠵᠤ᠂ 14.02 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 6.70%᠎ ᠶᠢ ᠡᠵᠡᠯᠡᠪᠡ᠃ ᠰᠤᠶᠤᠯ᠂ ᠵᠢᠭᠤᠯᠴᠢᠯᠠᠯ ᠤᠨ ᠦᠢᠯᠡᠰ 10 ᠵᠦᠢᠯ ᠪᠠᠶᠢᠵᠤ᠂ 11.84 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 5.67%᠎ ᠶᠢ ᠡᠵᠡᠯᠡᠪᠡ᠃ ᠵᠠᠮ ᠬᠠᠷᠢᠯᠴᠠᠭ᠎ᠠ ᠲᠡᠭᠡᠭᠡᠪᠦᠷᠢ᠂ ᠬᠥᠮᠦᠷᠭᠡᠯᠡᠬᠦ ᠪᠠ ᠰᠢᠤᠳᠠᠨ ᠤ ᠦᠢᠯᠡᠰ 5 ᠵᠦᠢᠯ ᠪᠠᠶᠢᠵᠤ᠂ 5.02 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 2.40%᠎ ᠶᠢ ᠡᠵᠡᠯᠡᠪᠡ᠃ ᠪᠣᠰᠤᠳ ᠠᠵᠢᠯ ᠲᠥᠷᠥᠯ 21 ᠵᠦᠢᠯ ᠪᠠᠶᠢᠵᠤ᠂ 8.58 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠲᠠᠲᠠᠶᠢᠵᠢᠭᠤᠯᠵᠤ᠂ ᠪᠥᠬᠦ ᠬᠤᠲᠠ ᠶᠢᠨ ᠪᠣᠲᠠᠲᠠᠶᠢᠵᠢᠭᠤᠯᠤᠭᠰᠠᠨ ᠪᠡᠯᠡ ᠮᠥᠡᠭᠭᠦᠨ ᠤ 4.10%᠎ ᠶᠢ ᠡᠵᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号