ᠡᠮᠦᠨ᠎ᠡ  ᠭᠤᠷᠪᠠᠨ ᠤᠯᠠᠷᠢᠯ ᠎ ᠳᠤ  ᠪᠠᠶᠠᠨᠨᠠᠭᠤᠷ  ᠬᠤᠳᠠ ᠰᠢᠨ᠎ᠡ ᠎ ᠪᠠᠷ ᠪᠠᠶᠢᠭᠤᠯᠤᠭᠰᠠᠨ ᠬᠤᠳᠠᠯᠳᠤᠭᠠᠨ ᠤ ᠤᠷᠤᠨ ᠰᠠᠭᠤᠴᠠ ᠶᠢ 12321ᠲᠦᠭᠦᠷ ᠪᠤᠷᠤᠯᠠᠭᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2015/10/22
      ᠡᠨᠡ ᠵᠢᠯ ᠠᠴᠠ ᠨᠠᠰᠢ᠂ ᠪᠠᠶᠠᠨᠨᠠᠭᠤᠷ ᠬᠤᠳᠠ ᠭᠡᠷ ᠭᠦᠷᠦᠩᠬᠡ ᠶᠢᠨ ᠵᠠᠬ᠎ᠠ ᠲᠡᠯᠭᠡᠬᠦᠷ ᠤᠨ ᠮᠠᠭᠤᠵᠢᠷᠠᠵᠤ ᠪᠠᠶᠢᠭ᠎ᠠ ᠪᠠᠶᠢᠳᠠᠯ ᠢ ᠢᠳᠡᠪᠬᠢᠳᠡᠢ ᠠᠷᠭᠠᠴᠠᠵᠤ᠂ ᠤᠯᠤᠰ ᠤᠨ ᠭᠡᠷ ᠭᠦᠷᠦᠩᠬᠡ ᠶᠢᠨ ᠲᠤᠬᠢᠷᠠᠭᠤᠯᠤᠯᠳᠠ ᠶᠢᠨ ᠲᠦᠷᠦ ᠎ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠠᠨ ᠤ ᠬᠤᠳᠠ ᠶᠢᠨ ᠤᠷᠤᠨ ᠰᠠᠭᠤᠴᠠ ᠶᠢᠨ ᠨᠡᠶᠢᠳᠡ ᠎ ᠶᠢᠨ ᠬᠤᠷᠠᠮᠳᠤᠭᠤᠯᠭ᠎ᠠ ᠶᠢᠨ ᠮᠦᠩᠬᠦ ᠶᠢᠨ 17 ᠲᠦᠷᠦᠯ ᠤᠨ ᠠᠷᠠᠳ ᠲᠤ ᠠᠰᠢᠭ ᠬᠦᠷᠳᠡᠬᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠴᠤ᠂ ᠪᠠᠶᠠᠨᠨᠠᠭᠤᠷ ᠬᠤᠳᠠ ᠶᠢᠨ ᠦᠪᠡᠷᠳᠡᠭᠡᠨ ᠵᠠᠰᠠᠬᠤ ᠤᠷᠤᠨ ᠤ 58 ᠲᠤᠭᠠᠳᠤ ᠪᠢᠴᠢᠭ ᠮᠠᠲ᠋ᠧᠷᠢᠶᠡᠯ ᠢ ᠲᠤᠤᠱᠯᠠᠭᠤᠯᠤᠨ ᠭᠡᠷᠡᠭᠵᠢᠬᠦᠯᠬᠦ ᠠᠷᠭ᠎ᠠ ᠠᠪᠴᠢᠯ ᠢ ᠲᠤᠭᠳᠠᠭᠠᠵᠤ᠂ ᠭᠡᠷ ᠭᠦᠷᠦᠩᠬᠡ ᠶᠢᠨ ᠵᠠᠬ᠎ᠠ ᠲᠡᠯᠭᠡᠭᠦᠷ ᠤᠨ ᠲᠤᠭᠳᠠᠭᠤᠨ ᠢᠶᠠᠷ ᠡᠷᠬᠢᠬᠦ ᠶᠢ ᠠᠬᠢᠭᠤᠯᠪᠠ᠃ 1 — 9 ᠰᠠᠷ᠎ᠠ ᠳᠤ᠂ ᠪᠦᠬᠦ ᠬᠤᠳᠠ ᠶᠢᠨ ᠤᠷᠤᠨ ᠰᠠᠭᠤᠴᠠ ᠶᠢᠨ ᠬᠤᠳᠠᠯᠳᠤᠨ ᠭᠠᠷᠭᠠᠭᠰᠠᠨ ᠲᠠᠯᠠᠪᠠᠢ 141.33 ᠲᠦᠮᠡᠨ ᠲᠡᠭᠰᠢ ᠲᠦᠷᠪᠡᠯᠵᠢᠨ ᠮᠧᠲᠷ ︵12321 ᠲᠦᠭᠦᠷ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.72%᠎ ᠪᠠᠷ ᠲᠡᠭᠡᠭᠰᠢᠯᠡᠪᠡ᠃ ᠬᠤᠳᠠᠯᠳᠤᠨ ᠭᠠᠷᠭᠠᠭᠰᠠᠨ ᠮᠦᠩᠬᠦᠨ ᠤ ᠲᠤᠭ᠎ᠠ 44.96 ᠳ᠋ᠦᠩᠰᠢᠭᠤᠷ ᠲᠦᠭᠦᠷᠢᠭ ᠲᠤ ᠭᠦᠷᠴᠤ᠂ ᠠᠳᠠᠯᠢ ᠬᠤᠭᠤᠴᠠᠭᠠᠨ ᠤ ᠎ ᠬᠢ ᠠᠴᠠ 16.53%᠎ ᠪᠠᠷ ᠨᠡᠮᠡᠭᠳᠡᠭᠰᠡᠨ ᠪᠠᠶᠢᠨ᠎ᠠ᠃ ᠬᠤᠳᠠᠯᠳᠤᠭᠰᠠᠨ ᠲᠡᠭᠰᠢᠳᠬᠡᠪᠦᠷᠢ ᠦᠨ᠎ᠡ ᠲᠡᠭᠰᠢ ᠲᠦᠷᠪᠡᠯᠵᠢᠨ ᠮᠧᠲᠷ ᠪᠦᠷᠢ ᠳᠤ 3180 ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.18 % ᠪᠠᠭᠤᠷᠠᠭᠰᠠᠨ ᠪᠠᠶᠢᠨ᠎ᠠ᠃ ᠡᠭᠦᠨ ᠳᠤ᠂ ᠯᠢᠨ ᠾᠧ ᠤᠷᠤᠨ ᠰᠠᠭᠤᠴᠠ ᠶᠢᠨ ᠬᠤᠳᠠᠯᠳᠤᠭᠰᠠᠨ ᠲᠠᠯᠠᠪᠠᠢ 55.26 ᠲᠦᠮᠡᠨ ᠲᠡᠭᠰᠢ ᠲᠦᠷᠪᠡᠯᠵᠢᠨ ᠮᠧᠲᠷ ︵4580 ᠲᠦᠭᠦᠷ︶ ᠪᠠᠶᠢᠵᠤ  ᠂ ᠠᠳᠠᠯᠢ ᠬᠤᠭᠤᠴᠠᠭᠠᠨ ᠤ ᠬᠢ ᠠᠴᠠ 12.18 %᠎ ᠪᠠᠷ ᠨᠡᠮᠡᠭᠳᠡᠪᠡ᠃ ᠬᠤᠳᠠᠯᠳᠤᠭᠰᠠᠨ ᠮᠦᠩᠬᠦᠨ ᠤ ᠲᠤᠭ᠎ᠠ 22.92 ᠳ᠋ᠦᠩᠰᠢᠭᠤᠷ ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 9.66 %᠎ ᠪᠠᠷ ᠨᠡᠮᠡᠭᠳᠡᠭᠰᠡᠨ ᠪᠠᠶᠢᠨ᠎ᠠ᠃ ᠬᠤᠳᠠᠯᠳᠤᠭᠰᠠᠨ ᠲᠡᠭᠰᠢᠳᠬᠡᠪᠦᠷᠢ ᠦᠨ᠎ᠡ ᠲᠡᠭᠰᠢ ᠲᠦᠷᠪᠡᠯᠵᠢᠨ ᠮᠧᠲᠷ ᠪᠦᠷᠢ ᠳᠤ 4148 ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.23%᠎ ᠪᠠᠷ ᠪᠠᠭᠤᠷᠠᠭᠰᠠᠠ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号