ᠬᠢᠩᠭᠠᠨ ᠠᠶᠢᠮᠠᠭ ︽ᠢᠨᠲ᠋ᠧᠷ ᠰᠦᠯᠵᠢᠶ᠎ᠡ + ᠰᠣᠶᠣᠯ ᠤᠨ ᠤᠯᠠᠮᠵᠢᠯᠠᠨ ᠲᠠᠷᠬᠠᠭᠠᠬᠤ︾ ᠵᠢᠴᠢ ᠮᠣᠩᠭᠤᠯ ᠬᠢᠲᠠᠳ ᠬᠤᠤᠰ  ᠬᠡᠯᠡᠨ ᠤ ᠭᠠᠷ ᠤᠲᠠᠰᠤ ᠪᠠᠷ ᠬᠡᠷᠡᠭᠯᠡᠭᠡ ᠶᠢ ᠬᠥᠲᠥᠯᠥᠨ ᠳᠠᠭᠠᠭᠤᠯᠬᠤ ᠶᠣᠰᠣᠯᠠᠯ ᠤᠯᠠᠭᠠᠨᠮᠣᠳᠣ ᠰᠤᠮᠤ ᠳᠤ ᠶᠠᠪᠤᠭᠳᠠᠪᠠ
ᠨᠡᠶᠢᠲᠡᠯᠡᠭᠰᠡᠨ ᠴᠠᠭ᠄
2015/10/23
      10 ᠳ᠋ᠤᠭᠠᠷ ᠰᠠᠷ᠎ᠠ ᠶᠢᠨ 16᠎ ᠤ ᠡᠳᠦᠷ᠂ ᠬᠢᠩᠭᠠᠨ ᠠᠶᠢᠮᠠᠭ ︽ᠢᠨᠲ᠋ᠧᠷ ᠰᠦᠯᠵᠢᠶ᠎ᠡ + ᠰᠣᠶᠣᠯ ᠤᠨ ᠤᠯᠠᠮᠵᠢᠯᠠᠨ ᠲᠠᠷᠬᠠᠭᠠᠬᠤ︾ ᠵᠢᠴᠢ ᠮᠣᠩᠭᠤᠯ ᠬᠢᠲᠠᠳ ᠬᠤᠤᠰ ᠬᠡᠯᠡᠨ ᠤ ᠭᠠᠷ ᠤᠲᠠᠰᠤ ᠪᠠᠷ ᠬᠡᠷᠡᠭᠯᠡᠭᠡ ᠶᠢ ᠬᠥᠲᠥᠯᠥᠨ ᠳᠠᠭᠠᠭᠤᠯᠬᠤ ᠶᠣᠰᠣᠯᠠᠯ ᠤᠯᠠᠭᠠᠨᠮᠣᠳᠣ ᠰᠤᠮᠤ ᠳᠤ ᠶᠠᠪᠤᠭᠳᠠᠪᠠ᠃ ᠡᠨᠡ ᠨᠢ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠰᠢᠩ ᠠᠨ ᠬᠤᠪᠢᠶᠠᠷᠢ ᠺᠤᠮᠫᠠᠨᠢ ᠠᠴᠠ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢ ᠬᠠᠮᠵᠢᠨ ᠥᠷᠨᠢᠭᠦᠯᠦᠭᠰᠡᠨ ︽ᠲᠠᠯ᠎ᠠ ᠨᠤᠲᠤᠭ ᠤᠨ ᠰᠣᠶᠣᠯ ᠢ ᠮᠠᠨᠳᠤᠭᠤᠯᠤᠨ ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠢᠯᠡᠴᠢᠯᠡᠬᠦ︾᠎ ᠪᠠᠷ ᠵᠣᠷᠢᠯᠭ᠎ᠠ ᠪᠣᠯᠭᠠᠭᠰᠠᠨ ᠠᠵᠢᠯᠯᠠᠭ᠎ᠠ ᠪᠤᠯᠤᠨ᠎ᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠤᠮᠫᠠᠨᠢ ᠬᠢᠩᠭᠠᠨ ᠠᠶᠢᠮᠠᠭ ᠤᠨ ᠵᠠᠬᠢᠷᠭ᠎ᠠ ᠯᠤᠭ᠎ᠠ 2015 ᠤᠨ ᠤ 6 ᠳ᠋ᠤᠭᠠᠷ ᠰᠠᠷ᠎ᠠ ᠶᠢᠨ 24᠎ ᠤ ᠡᠳᠦᠷ ︽ᠢᠨᠲ᠋ᠧᠷ ᠰᠦᠯᠵᠢᠶ᠎ᠡ + ᠠᠵᠢᠯᠯᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠪᠣᠷᠣ ᠲᠥᠰᠦᠪ ᠤᠨ ᠵᠦᠪᠯᠡᠯᠴᠡᠭᠡᠷ︾ ᠲᠤᠭᠲᠠᠭᠠᠪᠠ᠂ ᠡᠭᠦᠨ ᠳᠤ ︽ᠢᠨᠲ᠋ᠧᠷ ᠰᠦᠯᠵᠢᠶ᠎ᠡ + ᠰᠣᠶᠣᠯ ᠤᠨ ᠤᠯᠠᠮᠵᠢᠯᠠᠨ ᠲᠠᠷᠬᠠᠭᠠᠬᠤ︾ ᠪᠣᠯ ᠡᠨᠡ ᠬᠦ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠮᠤᠩᠭᠤᠯ ᠦᠨᠳᠦᠰᠦᠲᠡᠨ ᠤ ᠥᠷᠭᠡᠨ ᠣᠯᠠᠨ ᠮᠠᠯᠴᠢᠨ ᠲᠠᠷᠢᠶᠠᠴᠢᠳ ᠤᠨ ᠡᠳᠦᠷ ᠲᠤᠲᠤᠮ ᠤᠨ ᠠᠮᠢᠳᠤᠷᠠᠯ ᠳᠤ ᠮᠣᠩᠭᠤᠯ ᠭᠠᠷ ᠤᠲᠠᠰᠤ ᠪᠠᠷ ᠰᠣᠯᠢᠯᠴᠠᠭ᠎ᠠ ᠪᠠ ᠮᠡᠳᠡᠭᠡ ᠵᠠᠩᠭᠢ ᠶᠢ ᠤᠯᠭᠤᠵᠤ᠂ ᠮᠡᠳᠡᠭᠡ ᠵᠠᠩᠬᠢᠴᠢᠯᠠᠯᠲᠠ ᠶᠢᠨ ᠴᠠᠭ ᠦᠶ᠎ᠡ ᠳᠠᠬᠢ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ‍ ᠨᠢᠭᠡ ᠵᠦᠢᠯ ᠤᠨ ᠳᠥᠭᠦᠮ ᠤᠷᠲᠤᠳᠬᠠᠯ ᠮᠥᠨ᠂ ᠪᠠᠰᠠ ᠴᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠤᠯᠠᠮᠵᠢᠯᠠᠨ ᠵᠠᠯᠭᠠᠮᠵᠢᠯᠠᠯ ᠪᠠ ᠬᠠᠮᠠᠭᠠᠯᠠᠯ ᠪᠤᠯᠤᠨ᠎ᠠ᠃ ᠮᠣᠩᠭᠤᠯ ᠬᠢᠲᠠᠳ ᠬᠤᠤᠰ ᠬᠡᠯᠡᠨ ᠤ 4G ᠤᠶᠤᠨᠲᠤ ᠭᠠᠷ ᠤᠲᠠᠰᠤ ᠨᠢ ᠤᠭ ᠤᠨ ᠬᠢᠲᠠᠳ ᠬᠡᠯᠡ᠂ ᠠᠩᠭ᠍ᠯᠢ ᠬᠡᠯᠡ ᠵᠡᠷᠭᠡ ᠬᠡᠯᠡᠨ ᠤ ᠰᠠᠭᠤᠷᠢᠨ ᠳᠡᠭᠡᠷ᠎ᠡ ᠪᠠᠰᠠ ᠮᠤᠩᠭᠤᠯ ᠬᠡᠯᠡ ᠶᠢ ᠨᠡᠮᠡᠵᠤ᠂ ᠣᠯᠠᠨ ᠬᠡᠯᠡ ᠪᠠᠷ ᠰᠤᠯᠢᠵᠤ ᠪᠤᠯᠬᠤ ᠶᠢ ᠪᠡᠶᠡᠯᠡᠬᠦᠯᠵᠤ᠂ ᠤᠬᠤᠷ ᠮᠡᠳᠡᠭᠡ᠂ ᠢᠮᠧᠯ᠂ ᠰᠦᠯᠵᠢᠶᠡᠨ ᠨᠢᠭᠤᠷ ᠲᠤ ᠰᠢᠭᠤᠳ ᠮᠤᠩᠭᠤᠯ ᠢᠶᠠᠷ ᠢᠯᠡᠷᠡᠨ᠎ᠡ᠃ ᠮᠣᠩᠭᠤᠯ ᠬᠢᠲᠠᠳ ᠬᠤᠤᠰ ᠬᠡᠯᠡᠨ ᠤ ᠤᠶᠤᠨᠲᠤ ᠭᠠᠷ ᠤᠲᠠᠰᠤ ᠨᠢ ᠪᠠᠰᠠ ︽ᠲᠠᠷᠢᠶᠠᠯᠠᠩ ᠮᠡᠷᠭᠡᠵᠢᠯ ᠤᠨ ᠡᠷᠳᠡᠨᠢ᠂ ᠠᠯᠠᠭᠠᠨ ᠳᠡᠭᠡᠷᠡᠬᠢ ᠬᠢᠩᠭᠠᠨ︾ ᠵᠡᠷᠭᠡ ᠤᠤᠭᠠᠯ ᠬᠡᠷᠡᠭᠯᠡᠭᠡ ᠶᠢ ᠠᠴᠢᠶᠠᠯᠠᠵᠤ᠂ ᠮᠣᠩᠭᠤᠯ ᠦᠨᠳᠦᠰᠦᠲᠡᠨ ᠤ ᠮᠠᠯᠴᠢᠨ ᠲᠠᠷᠢᠶᠠᠴᠢᠳ ᠥᠪᠡᠷ ᠤᠨ ᠦᠨᠳᠦᠰᠦᠲᠡᠨ ᠤ ᠣᠨᠴᠠᠯᠢᠭ ᠪᠦᠬᠦᠢ ᠬᠡᠷᠡᠭᠯᠡᠭᠡ ᠶᠢ ᠪᠠᠭᠤᠯᠭᠠᠨ ᠠᠪᠴᠤ ᠳᠡᠶᠢᠯᠬᠦ ᠪᠤᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号