ᠣᠷᠴᠢᠮ ᠤᠨ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠮᠠᠯᠵᠢᠬᠤ ᠶᠢ ᠵᠣᠭᠰᠣᠭᠠᠵᠤ | ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠢᠩᠭᠠᠨ | ᠠᠶᠢᠮᠠᠭ ᠳᠤ ᠬᠤᠷᠠᠯᠳᠤᠪᠠ᠂ ᠦᠪᠡᠷᠲᠡᠭᠡᠨ ᠵᠠᠰᠠᠬᠤ ᠤᠷᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠳᠡᠳ᠋ ᠡᠷᠬᠢᠯᠡᠭᠴᠢ᠂ ᠪᠠᠷᠠᠭᠤᠨ ᠤᠷᠤᠨ ᠤ ᠨᠡᠬᠡᠬᠡᠯᠲᠡ ᠵᠢᠨᠠᠯᠪᠠᠨ ᠭᠡᠷ ᠤᠨ ᠡᠷᠬᠢᠯᠡᠭᠴᠢ ᠸᠠᠩ ᠷᠥ᠋᠂ ᠦᠪᠡᠷᠲᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠳᠡᠳ᠋ ᠳᠠᠷᠤᠭ᠎ᠠ ᠯᠢᠦ ᠶᠦᠩ ᡁᠢ᠂ ᠬᠢᠩᠭᠠᠨ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠰᠦᠦ ᠵᠢᠶᠦ᠋ᠨ ᠬᠤᠷᠠᠯ ᠳᠤ | ᠣᠷᠤᠯᠴᠠᠪᠠ᠃ ᠬᠢᠩᠭᠠᠨ ᠠᠶᠢᠮᠠᠭ ᠵᠢᠴᠢ ᠬᠥᠯᠦᠨ ᠪᠣᠶᠢᠷ ᠬᠤᠲᠠ᠂ ᠲᠥᠩᠯᠢᠶᠣᠣ ᠬᠤᠲᠠ᠂ ᠡᠯ᠎ᠡ ᠬᠤᠰᠢᠭᠤ | ᠰᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠤᠯᠴᠠᠭᠰᠠᠨ ᠪᠠᠶᠢᠨ᠎ᠠ᠃ | ᠰᠦᠦ ᠵᠢᠶᠦ᠋ᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠡᠮᠦᠨ᠎ᠡ ᠠᠴᠠ ᠶᠡᠷᠢᠶ᠎ᠠ ᠲᠠᠯᠪᠢᠵᠤ᠂ ᠬᠢᠩᠭᠠᠨ | ᠠᠶᠢᠮᠠᠭ ᠤᠨ ᠪᠠᠶᠢᠳᠠᠯ ᠵᠢᠴᠢ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠠᠨᠢᠯᠴᠠᠭᠤᠯᠪᠠ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ 2014 ᠣᠨ ᠤ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠡᠭᠦᠷᠭᠡ ᠶᠢ ᠬᠡᠷᠡᠭᠵᠢᠭᠦᠯᠦᠭᠰᠡᠨ | ᠪᠠᠶᠢᠳᠠᠯ ᠵᠢᠴᠢ 2015 ᠣᠨ ᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠷᠠᠯ ᠠᠴᠠ ᠵᠢᠭᠠᠨ ᠭᠠᠷᠭᠠᠭᠰᠠᠨ ᠨᠢ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠪᠣᠯ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠂ ᠲᠠᠷᠢᠮᠠᠯ ᠡᠪᠡᠰᠦ ᠪᠣᠷᠳᠤᠭᠠᠨ ᠭᠠᠵᠠᠷ ᠪᠠ ᠬᠠᠰᠢᠶ᠎ᠠ ᠰᠠᠷᠠᠪᠴᠢ ᠪᠣᠯ | ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠲᠡ ᠶᠢᠨ ᠴᠢᠬᠤᠯᠠ ᠲᠦᠰᠢᠭ ᠮᠦᠨ᠂ ᠮᠠᠯᠵᠢᠬᠤ ᠤᠷᠤᠨ ᠤ | ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠦᠨ᠂ | ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠮᠠᠯᠵᠢᠬᠤ ᠲᠠᠷᠢᠶᠠᠯᠠᠬᠤ | ᠤᠷᠤᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠦᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠡᠭᠦᠷᠢᠳᠡ ᠬᠠᠮᠠᠭᠠᠯᠠᠵᠤ ᠴᠢᠳᠠᠬᠤ ᠡᠰᠡᠬᠦ ᠶᠢᠨ | ᠠᠷᠭ᠎ᠠ ᠪᠠᠷᠢᠯ ᠤᠨ ᠨᠢᠭᠡ ᠮᠦᠨ᠂ ᠡᠯ᠎ᠡ ᠭᠠᠵᠠᠷ ᠤᠷᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠬᠦ ᠶᠢᠨ ᠬᠦᠨᠳᠦ ᠴᠢᠬᠤᠯᠠ ᠠᠴᠢ ᠬᠤᠯᠪᠤᠭᠳᠠᠯ ᠪᠣᠯᠤᠨ ᠦᠢᠯᠡᠳᠦᠯ ᠢ ᠬᠦᠨᠵᠡᠭᠡᠢ ᠲᠠᠨᠢᠵᠤ᠂ | ᠡᠯ᠎ᠡ ᠱᠠᠲᠤᠨ ᠤ ᠺᠠᠳ᠋ᠷ ︽ᠠᠷᠪᠠ ᠪᠠᠷ ᠪᠦᠬᠦᠨ ᠢ ᠬᠠᠮᠤᠷᠬᠤ︾ ᠳᠤ ᠭᠦᠨᠵᠡᠭᠡᠶᠢᠷᠡᠵᠦ ᠪᠠᠶᠢᠭ᠎ᠠ ᠳᠣᠬᠢᠶᠠᠯ ᠢ ᠵᠠᠪᠳᠤᠨ᠂ | ᠠᠶᠢᠯ ᠪᠣᠯᠭᠠᠨ ᠡᠷᠦᠬᠡ ᠪᠦᠷᠢ ᠳᠤ ᠭᠦᠨᠵᠡᠭᠡᠶᠢᠷᠡᠵᠦ᠂ ᠤᠯᠤᠰ ᠤᠨ ᠲᠥᠷᠦ ᠶᠢᠨ ᠪᠣᠳᠤᠯᠭ᠎ᠠ ᠶᠢ ᠲᠡᠷᠡ ᠶᠤᠰᠤ ᠪᠠᠷ | ᠨᠢ ᠮᠠᠯᠴᠢᠨ ᠲᠠᠷᠢᠶᠠᠴᠢᠨ ᠡᠷᠦᠬᠡ ᠳᠤ ᠬᠡᠯᠡᠵᠦ ᠦᠭᠴᠦ᠂ ᠡᠨᠡ ᠵᠢᠯ ᠤᠨ ᠡᠭᠦᠷᠭᠡ ᠪᠠᠨ | ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠳᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠰᠠᠶᠢᠲᠤᠷ ᠬᠢᠬᠦ ᠲᠠᠯ᠎ᠠ ᠪᠠᠷ᠂ ᠬᠤᠷᠠᠯ ᠠᠴᠠ | ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ 2015 ᠣᠨ ᠤ ᠡᠭᠦᠷᠭᠡ ᠪᠠᠨ ᠲᠦᠷᠭᠡᠨ | ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠤᠯᠤᠰ ᠤᠨ ᠬᠤᠯᠪᠤᠭᠳᠠᠯ ᠪᠦᠬᠦᠢ ᠶᠠᠮᠤᠨ ᠵᠦᠪᠯᠡᠯ ᠳᠤ ᠬᠠᠷᠢᠭᠤ ᠮᠡᠳᠡᠭᠦᠯᠬᠦ ᠵᠤᠯᠭᠠᠯᠳᠤᠬᠤ ᠪᠠᠨ ᠴᠢᠩᠭᠠᠳᠬᠠᠵᠤ᠂ | ᠢᠨᠵᠧᠨᠧᠷᠢᠩ ᠤᠨ ᠳ᠋ᠦᠩᠨᠡᠯᠲᠡ ᠶᠢᠨ ᠠᠵᠢᠯ ᠢ ᠰᠠᠶᠢᠲᠤᠷ ᠬᠢᠵᠦ᠂ ᠢᠳᠡᠪᠬᠢᠲᠡᠢ ᠪᠠᠷ ᠦᠪᠡᠷᠲᠡᠭᠡᠨ ᠵᠠᠰᠠᠬᠤ ᠤᠷᠤᠨ | ᠳᠤ ᠬᠠᠮᠢᠶ᠎ᠠ ᠪᠦᠬᠦᠢ ᠲᠥᠷᠦ ᠶᠢᠨ ᠪᠣᠳᠤᠯᠭ᠎ᠠ ᠶᠢᠨ ᠦᠨᠳᠦᠰᠦ ᠪᠠᠷᠢᠮᠳᠠ ᠶᠢ ᠣᠯᠭᠤᠨ ᠦᠭᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠵᠣᠬᠢᠶᠠᠨ ᠪᠠᠶᠢᠭᠤᠯᠤᠯᠲᠠ | ᠤᠳᠤᠷᠢᠳᠤᠯᠭ᠎ᠠ ᠪᠠᠨ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠶᠢᠳᠠᠯ ᠢ | ᠤᠶᠢᠯᠭᠠᠨ ᠪᠠᠶᠢᠴᠠᠭᠠᠬᠤ ᠠᠵᠢᠯ ᠢᠶᠠᠨ ᠰᠠᠶᠢᠲᠤᠷ ᠠᠳᠬᠤᠵᠤ᠂ ᠡᠭᠦᠷᠭᠡ ᠪᠠᠨ ᠭᠤᠶᠤᠴᠢᠯᠠᠨ ᠮᠡᠳᠡᠭᠦᠯᠬᠦ ᠪᠠᠨ | ᠴᠢᠩᠭᠠᠷᠠᠭᠤᠯᠵᠤ᠂ ᠪᠡᠯᠡ ᠮᠦᠩᠭᠦ ᠪᠠ ᠲᠦᠷᠦᠯ ᠵᠦᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠢᠨᠵᠧᠨᠧᠷᠢᠩ | ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠵᠡᠢ᠃ |