| ᠰᠤᠷᠪᠤᠯᠵᠢᠯᠠᠨ ᠶᠠᠷᠢᠯᠴᠠᠭᠰᠠᠨ ᠴᠠᠭ᠄ | 2015 ᠤᠨ ᠤ 8 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ 15 ᠴᠠᠭ | ᠰᠤᠷᠪᠤᠯᠵᠢᠯᠠᠨ ᠶᠠᠷᠢᠯᠴᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ | ᠯᠢᠦ ᠸᠧᠨ ᠯᠸᠢ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠣᠪᠴᠢ᠄ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠪᠠᠷ ᠤᠯᠤᠰ ᠢᠶᠠᠨ ᠵᠠᠰᠠᠬᠤ ᠶᠢ ᠳᠥᠯᠭᠢᠨ ᠠᠬᠢᠭᠤᠯᠬᠤ ᠨᠢ ᠨᠢᠭᠡᠨᠲᠡ ᠦᠨᠦ ᠶᠢᠨ ᠮᠠᠨ ᠤ | ᠤᠯᠤᠰ ᠤᠨ ᠱᠠᠲᠤ ᠦᠶ᠎ᠡ ᠶᠢᠨ ᠴᠢᠨᠠᠷᠲᠠᠶ ᠬᠦᠭᠵᠢᠯᠲᠡ ᠶᠢᠨ ᠰᠢᠨ᠎ᠡ ᠬᠡᠪ ᠤᠨ ᠪᠠᠶᠢᠳᠠᠯ ᠪᠤᠯᠪᠠ᠂ ᠬᠢᠨᠠᠨ ᠪᠣᠳᠣᠯᠲᠠ ᠨᠢ ᠤᠯᠤᠰ ᠢᠶᠠᠨ ᠵᠠᠰᠠᠬᠤ ᠴᠢᠬᠤᠯᠠ ᠪᠠᠭᠠᠵᠢ | ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠬᠦᠭᠵᠢᠯᠲᠡ ᠳᠤ ᠦᠢᠯᠡᠴᠢᠯᠡᠬᠦ᠂ ᠠᠵᠤ ᠠᠬᠤᠶ ᠶᠢᠨ ᠡᠮᠬᠢ ᠲᠢᠭᠯᠢᠮ ᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠤ ᠪᠠᠶᠢᠭ᠎ᠠ ᠶᠤᠮ᠃ ᠰᠢᠨ᠎ᠡ ᠬᠡᠪ ᠤᠨ ᠪᠠᠶᠢᠳᠠᠯ ᠳᠣᠣᠷ᠎ᠠ᠂ ᠮᠠᠨ ᠤ ᠣᠷᠣᠨ ᠤ | ᠬᠢᠨᠠᠨ ᠪᠣᠳᠣᠬᠤ ᠰᠠᠯᠠᠭ᠎ᠠ ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠭᠡᠵᠤ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠬᠥᠭᠵᠢᠯᠲᠡ ᠳᠤ ᠬᠡᠷᠬᠢᠨ ᠦᠢᠯᠡᠴᠢᠯᠡᠵᠤ ᠪᠠᠶᠢᠭ᠎ᠠ ᠶᠢ ᠨᠡᠩ ᠰᠠᠶᠢᠨ ᠤᠶᠢᠯᠠᠭᠠᠬᠤ ᠶᠢᠨ ᠲᠤᠯᠠᠳᠠ᠂ ᠤᠶᠢᠷ᠎ᠠ ᠳᠤ ᠪᠢᠳᠡ ᠥᠪᠡᠷᠲᠡᠭᠡᠨ | ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠵᠤ ᠰᠦᠯᠵᠢᠶᠡᠨ ᠳᠡᠭᠡᠷ᠎ᠡ ᠲᠠ ᠨᠠᠷ ᠲᠠᠢ ᠶᠠᠷᠢᠯᠴᠠᠭᠤᠯᠬᠤ | ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ﹇ᠬᠦᠲᠦᠯᠦᠭᠴᠢ﹈ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠨ᠂ ᠰᠢᠨ᠎ᠡ ᠬᠡᠪ ᠤᠨ ᠪᠠᠶᠢᠳᠠᠯ ᠳᠣᠣᠷ᠎ᠠ᠂ ᠮᠠᠨ ᠤ ᠣᠷᠣᠨ ᠤ ᠬᠢᠨᠠᠨ ᠪᠣᠳᠣᠬᠤ ᠰᠠᠯᠠᠭ᠎ᠠ | ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠭᠡᠵᠤ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠬᠥᠭᠵᠢᠯᠲᠡ ᠳᠤ ᠬᠡᠷᠬᠢᠨ ᠦᠢᠯᠡᠴᠢᠯᠡᠵᠤ ᠪᠠᠶᠢᠭ᠎ᠠ ᠬᠤᠯᠪᠤᠭᠳᠠᠯ ᠪᠦᠬᠦᠢ ᠪᠠᠶᠢᠳᠠᠯ ᠢ ᠲᠠᠶᠢᠯᠪᠤᠷᠢᠯᠠᠭᠤᠯᠬᠤ ᠪᠠᠷ ᠪᠤᠯᠪᠠ᠃ ᠯᠢᠦ ᠶᠡᠷᠦᠩᠬᠡᠶ ᠬᠢᠨᠠᠨ ᠪᠣᠳᠣᠭᠴᠢ ᠡ | ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠯᠢᠦ ᠸᠧᠨ ᠯᠸᠢ﹈ | ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠ ᠪᠦᠬᠦᠨ ᠲᠠᠢ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ | ᠦᠨᠳᠦᠷ ᠪᠠᠶᠢᠨ᠎ᠠ︕ | ﹇ᠬᠦᠲᠦᠯᠦᠭᠴᠢ﹈ | ᠰᠢᠨ᠎ᠡ ᠬᠡᠪ ᠤᠨ ᠪᠠᠶᠢᠳᠠᠯ ᠨᠢ ᠬᠢᠨᠠᠨ ᠪᠣᠳᠣᠬᠤ ᠠᠵᠢᠯ ᠳᠤ ᠶᠠᠮᠠᠷ ᠰᠢᠨ᠎ᠡ ᠱᠠᠭᠠᠷᠳᠠᠯᠭ᠎ᠠ ᠨᠤᠭᠤᠳ ᠢ ᠲᠠᠯᠪᠢᠭᠰᠠᠨ ᠪᠤᠶ︖ | ﹇ᠯᠢᠦ ᠸᠧᠨ ᠯᠸᠢ﹈ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠠᠴᠠ ᠬᠢᠨᠠᠨ ᠪᠣᠳᠣᠬᠤ ᠳᠦᠷᠢᠮ ᠢ ᠲᠡᠭᠦᠯᠳᠡᠷᠵᠢᠬᠦᠯᠵᠤ | ᠂ ᠬᠠᠤᠯᠢ ᠶᠣᠰᠣᠭᠠᠷ ᠪᠡᠶ᠎ᠡ ᠪᠠᠨ ᠳᠠᠭᠠᠭᠠᠭᠰᠠᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠠᠢ᠃ ᠣᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠡᠳ᠋ ᠬᠥᠷᠥᠩᠭᠡ᠂ ᠤᠯᠤᠰ ᠤᠨ ᠡᠬᠢ ᠪᠠᠶᠠᠯᠢᠭ ᠬᠢᠭᠡᠳ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠵᠤ | ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢ ᠪᠦᠷᠢᠨ ᠪᠦᠷᠬᠦᠬᠦᠯᠬᠦ ᠬᠡᠷᠡᠭᠲᠠᠢ᠃ ᠬᠢᠨᠠᠨ ᠪᠣᠳᠣᠯᠲᠠ ᠶᠢᠨ ᠠᠵᠢᠯ ᠢ ᠲᠤᠰᠬᠠᠢ ᠮᠡᠷᠬᠡᠵᠢᠬᠦᠯᠬᠦ ᠪᠠᠶᠢᠭᠤᠯᠤᠯᠲᠠ ᠶᠢ | ᠠᠬᠢᠭᠤᠯᠬᠤ ᠬᠡᠷᠡᠭᠲᠠᠢ᠃ ᠡᠭᠦᠨ ᠤ ᠬᠠᠮᠲᠤ᠂ ᠪᠠᠰᠠ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ᠨᠠᠮ ᠪᠠ ᠤᠯᠤᠰ ᠤᠨ ᠨᠠᠢᠮᠠᠨ ᠶᠡᠭᠡ ᠬᠢᠨᠠᠯᠲᠠ ᠲᠠᠯᠪᠢᠬᠤ | ᠰᠢᠰᠲ᠋ᠧᠮᠵᠢ ᠶᠢᠨ ᠨᠢᠭᠡ ᠪᠤᠯᠭᠠᠨ᠂ ᠤᠯᠤᠰ ᠤᠨ ᠵᠠᠰᠠᠯᠲᠠ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠭᠠᠬᠤ ᠬᠡᠷᠡᠭᠲᠠᠢ ᠬᠡᠵᠤ ᠳᠤᠷᠠᠳᠴᠤ᠂ ᠬᠢᠨᠠᠨ | ᠪᠣᠳᠣᠯᠲᠠ ᠶᠢ ᠰᠢᠨᠡᠴᠢᠯᠡᠬᠦ ᠳᠤ ᠨᠡᠩ ᠦᠨᠳᠦᠷ ᠬᠠᠷᠢᠭᠤᠴᠠᠯᠭ᠎ᠠ ᠪᠠ ᠡᠭᠦᠷᠭᠡ ᠤᠯᠭᠤᠭᠰᠠᠨ ᠪᠠᠶᠢᠨ᠎ᠠ᠃ | ︽ᠬᠢᠨᠠᠨ ᠪᠣᠳᠣᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠬᠦᠯᠬᠦ ᠰᠠᠨᠠᠯ︾ ︵ᠳᠣᠷᠣᠭᠰᠢ ︽ᠬᠡᠷᠡᠭᠵᠢᠬᠦᠯᠬᠦ ᠰᠠᠨᠠᠯ︾ ᠭᠡᠵᠦ ᠲᠤᠪᠴᠢᠯᠠᠨ᠎ᠠ︶ ᠳᠤ ᠲᠥᠪ ᠤᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠣᠳᠣᠬᠤ | ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠵᠠᠷᠯᠢᠭ ᠤᠨ ᠰᠢᠯᠤᠭᠤᠬᠠᠨ ᠶᠠᠪᠤᠭᠳᠠᠬᠤ ᠶᠢ ᠠᠬᠢᠭᠤᠯᠬᠤ ᠬᠡᠷᠡᠭᠲᠠᠢ︔ ᠠᠵᠤ ᠠᠬᠤᠶ ᠨᠡᠶᠢᠭᠡᠮ ᠤᠨ ᠠᠵᠢᠯᠯᠠᠭᠠᠨ ᠤ | ᠳᠤᠮᠳᠠᠬᠢ ᠲᠦᠭᠰᠢᠭᠦᠷᠢ ᠶᠢᠨ ᠳᠠᠯᠳᠠ ᠭᠡᠮ ᠢ ᠢᠯᠡᠷᠡᠭᠦᠯᠬᠦ ᠪᠠ ᠲᠤᠰᠬᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠣᠷᠣᠨ ᠤ ᠠᠵᠤ ᠠᠬᠤᠶ ᠶᠢᠨ ᠠᠮᠤᠷ ᠲᠦᠪᠰᠢᠨ ᠢ | ᠬᠠᠮᠠᠭᠠᠯᠠᠬᠤ ᠬᠡᠷᠡᠭᠲᠠᠢ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ ᠠᠰᠠᠭᠤᠳᠠᠯ ᠢ ᠢᠯᠡᠴᠢᠯᠡᠬᠦ ᠪᠠ ᠪᠠᠶᠢᠴᠠᠭᠠᠨ ᠰᠢᠳᠭᠡᠬᠦ ᠡᠷᠴᠢᠮ ᠢᠶᠠᠨ | ᠴᠢᠩᠭᠠᠷᠠᠭᠤᠯᠵᠤ᠂ ᠬᠢᠨᠠᠨ ᠪᠣᠳᠣᠬᠤ ᠪᠠᠷ ᠳᠠᠮᠵᠢᠨ ᠤᠯᠵᠤ ᠮᠡᠳᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ ᠠᠰᠠᠭᠤᠳᠠᠯ ᠢ ᠨᠡᠪᠲᠡ | ᠭᠦᠨᠵᠡᠭᠡᠶ ᠲᠤᠤᠱᠲᠠᠢ ᠪᠠᠶᠢᠴᠠᠭᠠᠬᠤ ᠬᠡᠷᠡᠭᠲᠡᠶ︔ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ | ᠴᠢᠩᠭᠠᠷᠠᠭᠤᠯᠵᠤ᠂ ᠠᠷᠠᠳᠴᠢᠯᠠᠯᠲᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ︔ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ | ᠬᠢᠵᠠᠭᠠᠷᠯᠠᠬᠤ ᠡᠷᠴᠢᠮ ᠢᠶᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠲᠡᠭᠦᠯᠳᠡᠷᠵᠢᠬᠦᠯᠦᠨ ᠪᠦᠷᠢᠨᠰᠢᠬᠦᠯᠬᠦ ᠶᠢ | ᠠᠬᠢᠭᠤᠯᠬᠤ ᠬᠡᠷᠡᠭᠲᠠᠢ︔ ᠠᠮᠵᠢᠯᠲᠠ ᠪᠦᠲᠦᠭᠡᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠦᠷ᠎ᠡ ᠠᠰᠢᠭ ᠱᠠᠭᠠᠷᠳᠠᠬᠤ᠂ ᠪᠦᠲᠦᠮᠵᠢ ᠠᠰᠠᠭᠤᠬᠤ᠂ | ᠬᠠᠷᠢᠭᠤᠴᠠᠯᠭ᠎ᠠ ᠨᠡᠬᠡᠮᠵᠢᠯᠡᠬᠦ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠵᠤ᠂ ᠣᠯᠠᠨ ᠨᠡᠶᠢᠲᠡ ᠶᠢᠨ ᠪᠡᠯᠡ ᠮᠦᠡᠭᠭᠦ ᠶᠢ ᠠᠮᠤᠷ ᠲᠦᠪᠰᠢᠨ ᠥᠨᠳᠥᠷ | ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠠᠢ︔ ᠠᠷᠠᠳ ᠤᠨ ᠠᠮᠢᠳᠤᠷᠠᠯ ᠢᠶᠠᠷ ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠨ | ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠠᠢ ᠭᠡᠵᠤ ᠱᠠᠭᠠᠷᠳᠠᠪᠠ᠃ ᠡᠨᠡ ᠨᠢ ᠬᠢᠨᠠᠨ | ᠪᠣᠳᠣᠬᠤ ᠳᠤ ᠳᠠᠩᠰᠠ ᠶᠢ ᠪᠠᠶᠢᠴᠠᠭᠠᠬᠤ ᠮᠦᠷᠲᠡᠭᠡᠨ ᠪᠠᠰᠠ ᠬᠥᠮᠦᠨ ᠢ ᠬᠢᠨᠠᠵᠤ᠂ ᠪᠣᠳᠠᠰ ᠢ ᠬᠢᠨᠠᠵᠤ᠂ ᠲᠥᠷᠥ ᠶᠢᠨ ᠪᠣᠳᠣᠯᠭ᠎ᠠ ᠶᠢ ᠬᠢᠨᠠᠵᠤ᠂ ᠬᠢᠨᠠᠨ ᠪᠣᠳᠣᠬᠤ ᠬᠢᠨᠠᠯᠲᠠ | ᠲᠠᠯᠪᠢᠬᠤ ᠳᠤ ︽ᠪᠦᠬᠦᠨ ᠢ ᠪᠦᠷᠬᠦᠬᠦᠯᠬᠦ︾ ᠶᠢ ᠪᠡᠶᠡᠯᠡᠬᠦᠯᠬᠦ ᠶᠢ ᠬᠠᠷᠠᠭᠤᠯᠵᠤ ᠪᠤᠢ᠃ | ᠰᠢᠨ᠎ᠡ ᠬᠡᠪ ᠤᠨ ᠪᠠᠶᠢᠳᠠᠯ ᠳᠤᠤᠷ᠎ᠠ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠳᠤ᠂ ᠵᠠᠪᠠᠯ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠥᠪ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠠᠨᠢᠯᠲᠠ ᠪᠠ ᠮᠠᠭᠠᠳᠯᠠᠯᠲᠠ ᠲᠠᠢ ᠨᠢᠭᠡᠳᠬᠡᠵᠦ᠂ ᠰᠢᠨ᠎ᠡ ᠬᠡᠪ ᠪᠠᠶᠢᠳᠠᠯ ᠢ ᠲᠠᠨᠢᠨ᠂ | ᠰᠢᠨ᠎ᠡ ᠬᠡᠪ ᠪᠠᠶᠢᠳᠠᠯ ᠳᠤ ᠵᠤᠬᠢᠴᠠᠨ᠂ ᠰᠢᠨ᠎ᠡ ᠬᠡᠪ ᠪᠠᠶᠢᠳᠠᠯ ᠳᠤ ᠦᠢᠯᠡᠴᠢᠯᠡᠵᠤ᠂ ᠰᠢᠨ᠎ᠡ ᠰᠡᠳᠬᠢᠬᠦᠶ᠂ ᠰᠢᠨ᠎ᠡ ᠠᠷᠭ᠎ᠠ᠂ ᠰᠢᠨ᠎ᠡ ᠬᠢᠳᠡᠯ ᠢ ᠬᠡᠷᠡᠭᠯᠡᠨ ᠬᠢᠨᠠᠨ ᠪᠣᠳᠣᠬᠤ | ᠠᠵᠢᠯ ᠤᠨ ᠰᠠᠨᠠᠭᠠᠴᠢᠯᠠᠭᠠᠲᠤ ᠴᠢᠨᠠᠷ ᠪᠠ ᠵᠣᠬᠢᠴᠠᠬᠤ ᠴᠢᠨᠠᠷ ᠢ ᠲᠠᠰᠤᠷᠠᠯᠲᠠ ᠦᠭᠡᠶ ᠴᠢᠩᠭᠠᠷᠠᠭᠤᠯᠬᠤ ᠬᠡᠷᠡᠭᠲᠠᠢ᠃ | ﹇ᠬᠦᠲᠦᠯᠦᠭᠴᠢ﹈ | ︽ᠬᠡᠷᠡᠭᠵᠢᠬᠦᠯᠬᠦ ᠰᠠᠨᠠᠯ︾ ᠨᠢ ᠬᠤᠶᠢᠰᠢᠳᠠ ᠶᠢᠨ ᠬᠢᠨᠠᠨ ᠪᠣᠳᠣᠬᠤ ᠳᠤ ᠠᠵᠢᠯ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠ ᠰᠢᠨ᠎ᠡ ᠲᠤᠭᠲᠠᠭᠠᠯ ᠭᠠᠷᠭᠠᠭᠰᠠᠨ ᠪᠤᠶ︖ | | ﹇ᠯᠢᠦ ᠸᠧᠨ ᠯᠸᠢ﹈ | ︽ᠬᠡᠷᠡᠭᠵᠢᠬᠦᠯᠬᠦ ᠰᠠᠨᠠᠯ︾ ᠳᠤ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯ ᠢ ᠠᠬᠢᠭᠤᠯᠬᠤ | ᠲᠠᠯ᠎ᠠ ᠪᠠᠷ ᠬᠢᠨᠠᠨ ᠪᠤᠳᠤᠬᠤ ᠶᠢᠨ ᠪᠠᠲᠤᠯᠠᠭ᠎ᠠ ᠶᠢᠨ ᠦᠢᠯᠡᠳᠦᠯ᠂ ᠬᠢᠨᠠᠨ ᠪᠣᠳᠣᠬᠤ ᠶᠢᠨ ᠬᠢᠨᠠᠯᠲᠠ ᠲᠠᠯᠪᠢᠯᠲᠠ ᠶᠢᠨ ᠦᠢᠯᠡᠳᠦᠯ ᠢ ᠪᠠᠳᠠᠷᠠᠭᠤᠯᠬᠤ ᠶᠢ ᠲᠠᠪᠤᠨ ᠲᠠᠯ᠎ᠠ ᠪᠠᠷ | ᠴᠢᠬᠤᠯᠠᠴᠢᠯᠠᠪᠠ᠃ | ᠨᠢᠭᠡ ᠳᠤ᠂ ᠬᠢᠨᠠᠨ ᠪᠤᠳᠤᠬᠤ ᠲᠠᠯ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠪᠠ᠃ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠡᠳ᠋ ᠬᠥᠷᠥᠩᠭᠡ᠂ | ᠤᠯᠤᠰ ᠤᠨ ᠦᠮᠴᠢᠯᠡᠯᠲᠦ ᠡᠬᠢ ᠪᠠᠶᠠᠯᠢᠭ ᠢ ᠬᠠᠮᠢᠶᠠᠷᠬᠤ᠂ ᠬᠤᠪᠢᠶᠠᠷᠢᠯᠠᠬᠤ᠂ ᠬᠡᠷᠡᠭᠯᠡᠬᠦ ᠳᠤ ᠬᠤᠯᠪᠤᠭᠳᠠᠭᠰᠠᠨ ᠰᠠᠯᠠᠭ᠎ᠠ ᠮᠥᠴᠢᠷ᠂ ᠨᠢᠭᠡᠴᠡ ᠪᠤᠯᠤᠨ ᠬᠤᠪᠢ ᠬᠥᠮᠦᠨ | ᠶᠤᠮ | ᠪᠤᠯ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠭᠰᠡᠨ ᠪᠠᠶᠢᠳᠠᠯ ᠳᠤ ᠴᠥᠮ ᠬᠢᠨᠠᠨ ᠪᠣᠳᠣᠯᠲᠠ ᠶᠢ ᠬᠦᠯᠢᠶᠡᠵᠤ᠂ ᠬᠢᠨᠠᠨ | ᠪᠣᠳᠣᠯᠲᠠ ᠶᠢ ᠬᠠᠮᠵᠢᠨ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ︽ᠪᠦᠬᠦᠨ ᠢ ᠪᠦᠷᠬᠦᠬᠦᠯᠬᠦ︾ ᠶᠢ ᠦᠯᠡᠳᠡᠭᠡᠯ ᠦᠬᠡᠢ ᠪᠡᠶᠡᠯᠡᠬᠦᠯᠬᠦ ᠬᠡᠷᠡᠭᠲᠠᠢ᠃ | ᠬᠤᠶᠠᠷ ᠲᠤ᠂ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠷᠠᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠶᠢᠳᠠᠯ ᠳᠤ ᠬᠢᠨᠠᠨ | ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠶᠢᠭᠠᠳ ᠵᠢᠷᠤᠮᠯᠠᠬᠤ ᠦᠭᠡᠶ᠂ ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ ᠵᠡᠷᠭᠡ ᠠᠰᠠᠭᠤᠳᠠᠯ ᠢ ᠣᠯᠵᠤ | ᠮᠡᠳᠡᠬᠦ ᠶᠢ ᠠᠩᠬᠠᠷᠴᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠰᠦᠷ ᠬᠦᠴᠦᠨ ᠢ ᠦᠨᠡᠨ ᠬᠦ | ᠬᠠᠮᠠᠭᠠᠯᠠᠬᠤ ᠬᠡᠷᠡᠭᠲᠠᠢ᠃ ᠣᠯᠠᠨ ᠲᠦᠮᠡᠨ ᠤ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠤᠭᠰᠠᠨ᠂ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠭᠰᠠᠨ ᠵᠡᠷᠭᠡ | ᠠᠰᠠᠭᠤᠳᠠᠯ ᠢ ᠬᠦᠴᠦ ᠲᠠᠯᠪᠢᠨ ᠲᠤᠰᠬᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠲᠢᠭᠯᠢᠮ ᠪᠣᠯᠤᠨ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠬᠤ ᠬᠡᠷᠡᠭᠲᠠᠢ᠃ | ﹇ᠯᠢᠦ ᠸᠧᠨ ᠯᠸᠢ﹈ | ︽ᠬᠡᠷᠡᠭᠵᠢᠬᠦᠯᠬᠦ ᠰᠠᠨᠠᠯ︾ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ᠬᠢᠨᠠᠨ ᠪᠣᠳᠣᠯᠲᠠ ᠶᠢᠨ ᠳᠤᠮᠳᠠ ᠤᠯᠵᠤ ᠮᠡᠳᠡᠭᠰᠡᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠢ᠂ | ᠬᠦᠨᠵᠡᠭᠡᠢ᠂ ᠨᠡᠪᠲᠡ᠂ ᠲᠤᠤᠱᠲᠠᠢ ᠪᠠᠶᠢᠴᠠᠭᠠᠬᠤ ᠬᠡᠷᠡᠭᠲᠡᠶ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠪᠢᠶᠠᠷᠢᠯᠠᠯᠲᠠ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠰᠢᠢᠳᠪᠦᠷᠢᠲᠦ ᠪᠣᠳᠣᠯᠭ᠎ᠠ ᠪᠤᠯᠤᠨ ᠲᠦᠷᠦᠯ ᠵᠦᠢᠯ ᠤᠨ ᠬᠢᠨᠠᠨ ᠵᠦᠪᠰᠢᠶᠡᠷᠡᠯ᠂ ᠴᠢᠬᠤᠯᠠ ᠶᠡᠭᠡ ᠡᠳ᠋ ᠪᠣᠳᠠᠰ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠳᠤ ᠣᠷᠣᠯᠴᠠᠬᠤ᠂ ᠵᠢᠭᠡᠯᠡᠯᠭᠡ ᠲᠠᠯᠪᠢᠬᠤ ᠪᠠ ᠦᠨᠡᠲᠦ ᠲᠡᠮᠳᠡᠭᠲᠦ ᠰᠤᠯᠢᠯᠴᠠᠭ᠎ᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠪᠤᠯᠤᠨ ᠰᠲ᠋ᠣᠺ ᠤᠨ | ᠡᠷᠬᠡ ᠶᠢ ᠰᠢᠯᠵᠢᠭᠦᠯᠦᠨ ᠥᠭᠬᠦ᠂ ᠭᠠᠵᠠᠷ ᠰᠢᠷᠣᠶ ᠪᠤᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ | ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠠᠩᠬᠠᠷᠴᠤ᠂ ᠡᠷᠬᠡ ᠪᠠᠨ ᠠᠰᠢᠭᠯᠠᠨ ᠠᠮᠢ ᠪᠠᠨ ᠪᠤᠷᠳᠤᠭᠰᠠᠨ᠂ ᠬᠠᠷᠢᠭᠤᠴᠠᠯᠭ᠎ᠠ ᠪᠠᠨ ᠠᠯᠳᠠᠭᠰᠠᠨ | ᠲᠤᠰᠢᠶᠠᠯ ᠢᠶᠠᠨ ᠭᠤᠲᠤᠭᠠᠭᠰᠠᠨ᠂ ᠱᠠᠮᠰᠢᠭᠰᠠᠨ ᠬᠠᠭ᠋ᠤᠤᠯᠢ ᠢᠳᠡᠭᠰᠡᠨ᠂ ᠳᠣᠲᠣᠭᠠᠳᠤ ᠳᠠᠭᠠᠨ ᠰᠤᠯᠢᠯᠴᠠᠭᠰᠠᠨ ᠵᠡᠷᠭᠡ ᠠᠰᠠᠭᠤᠳᠠᠯ ᠢ ᠢᠯᠡᠴᠢᠯᠡᠨ᠂ ᠠᠷᠢᠭᠤᠨ ᠴᠢᠬᠡᠴᠢ | ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ | ᠭᠦᠨᠵᠡᠭᠡᠶᠢᠷᠡᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠴᠠᠭᠠᠵᠠ ᠰᠠᠬᠢᠯᠭ᠎ᠠ ᠪᠠᠲᠤ ᠳᠦᠷᠢᠮ ᠲᠤᠭᠲᠠᠭᠠᠯ ᠢ ᠵᠢᠷᠤᠮᠯᠠᠨ ᠰᠠᠬᠢᠵᠤ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠳᠠᠯ ᠢ ᠬᠦᠴᠦ ᠲᠠᠯᠪᠢᠨ ᠪᠠᠶᠢᠴᠠᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠠᠨᠠᠭᠠᠴᠢᠯᠠᠭ᠎ᠠ ᠲᠠᠢ ᠠᠵᠢᠯᠯᠠᠬᠤ᠂ ᠪᠦᠲᠦᠮᠵᠢᠲᠠᠢ | ᠠᠵᠢᠯᠯᠠᠬᠤ ᠶᠢ ᠲᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ ᠬᠡᠷᠡᠭᠲᠠᠢ᠃ ᠠᠵᠢᠯ ᠶᠠᠪᠤᠳᠠᠯ ᠬᠢᠳᠡᠭ ᠦᠭᠡᠢ᠂ ᠠᠵᠢᠯ ᠶᠠᠪᠤᠳᠠᠯ ᠢ | ᠤᠳᠠᠭᠠᠨ ᠪᠡᠶᠡᠯᠡᠭᠦᠯᠳᠡᠭ᠂ ᠠᠵᠢᠯ ᠶᠠᠪᠤᠳᠠᠯ ᠢ ᠳᠤᠷ᠎ᠠ ᠪᠠᠷ ᠢᠶᠠᠨ ᠬᠢᠳᠡᠭ ᠠᠰᠠᠭᠤᠳᠠᠯ ᠢ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠲᠤᠰᠬᠠᠵᠤ᠂ ᠬᠠᠷᠢᠭᠤᠴᠠᠯᠭ᠎ᠠ | ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠬᠦᠯᠬᠦ ᠶᠢ ᠠᠬᠢᠭᠤᠯᠬᠤ ᠬᠡᠷᠡᠭᠲᠠᠢ᠃ | ︽ᠬᠡᠷᠡᠭᠵᠢᠬᠦᠯᠬᠦ ᠰᠠᠨᠠᠯ︾ ᠳᠤ ᠬᠢᠨᠠᠨ ᠪᠤᠳᠤᠯᠲᠠ ᠨᠢ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠤᠶᠠᠯᠳᠤᠭᠤᠯᠤᠭᠰᠠᠨ | ᠪᠠᠶᠢᠳᠠᠯ ᠢ ᠨᠢᠭᠲᠠ ᠠᠩᠬᠠᠷᠴᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠬᠤ ᠪᠠᠨ | ᠠᠬᠢᠭᠤᠯᠬᠤ ᠬᠡᠷᠡᠭᠲᠠᠢ᠃ ᠥᠭᠡᠷᠡᠴᠢᠯᠡᠯᠲᠡ ᠪᠠ ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠢ ᠵᠥᠪ ᠡᠵᠡᠮᠳᠡᠵᠦ᠂ ᠴᠠᠭ ᠦᠶ᠎ᠡ ᠳᠤ ᠲᠤᠬᠢᠷᠠᠬᠤ ᠦᠭᠡᠢ᠂ | ᠬᠥᠭᠵᠢᠯᠲᠡ ᠶᠢ ᠬᠢᠵᠠᠭᠠᠷᠯᠠᠬᠤ᠂ ᠥᠭᠡᠷᠡᠴᠢᠯᠡᠯᠲᠡ ᠶᠢ ᠬᠠᠷᠰᠢᠯᠠᠬᠤ ᠳᠦᠷᠢᠮ ᠲᠣᠭᠲᠠᠭᠠᠯ ᠢ ᠴᠠᠭ ᠲᠤᠬᠠᠶ ᠳᠤᠨᠢ ᠲᠤᠰᠬᠠᠵᠤ᠂ ᠰᠠᠶᠢᠵᠢᠷᠠᠭᠤᠯᠬᠤ ᠪᠠ | ᠲᠡᠭᠦᠯᠳᠡᠷᠵᠢᠭᠦᠯᠬᠦ ᠶᠢ ᠳᠥᠯᠭᠢᠨ ᠠᠬᠢᠭᠤᠯᠬᠤ ᠬᠡᠷᠡᠭᠲᠠᠢ ᠭᠡᠵᠤ ᠲᠤᠲᠤᠷᠬᠠᠶᠢᠯᠠᠪᠠ᠃ | ﹇ᠯᠢᠦ ᠸᠧᠨ ᠯᠸᠢ﹈ | ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠳᠤ ᠰᠢᠨ᠎ᠡ ᠱᠠᠭᠠᠷᠳᠠᠯᠭ᠎ᠠ ᠳᠤᠷᠠᠳᠪᠠ᠃ ︽ᠬᠡᠷᠡᠭᠵᠢᠬᠦᠯᠬᠦ ᠰᠠᠨᠠᠯ︾ ᠳᠤ ᠴᠡᠭᠴᠡᠯᠡᠨ | ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ ᠶᠢ ᠬᠤᠶᠠᠷ ᠲᠠᠯ᠎ᠠ ᠪᠠᠷ ᠲᠤᠭᠲᠠᠭᠠᠪᠠ᠄ ᠨᠢᠭᠡ ᠨᠢ ᠢᠯᠡ ᠲᠣᠳᠣ ᠪᠠᠶᠢᠯᠭᠠᠬᠤ ᠶᠠᠪᠤᠳᠠᠯ ᠪᠤᠯᠤᠨ᠎ᠠ᠂ ᠦᠭᠡᠷ᠎ᠡ ᠪᠠᠷ ᠬᠡᠯᠡᠪᠡᠯ | ᠬᠢᠨᠠᠨ ᠪᠤᠳᠤᠯᠲᠠ ᠬᠢᠯᠭᠡᠭᠰᠡᠨ ᠨᠢᠭᠡᠴᠡ ᠨᠢ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠨᠡᠶᠢᠭᠡᠮ | ᠨᠡᠶᠢᠲᠡ ᠳᠤ ᠵᠠᠷᠯᠠᠨ ᠮᠡᠳᠡᠭᠳᠡᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢ ᠱᠠᠭᠠᠷᠳᠠᠪᠠ︔ ᠨᠦᠬᠦᠭᠡ ᠨᠢ ᠳᠠᠷᠤᠢ ᠬᠠᠷᠢᠭᠤᠴᠠᠯᠭ᠎ᠠ ᠠᠰᠠᠭᠤᠬᠤ ᠶᠠᠪᠤᠳᠠᠯ ᠪᠤᠯᠤᠨ᠎ᠠ᠂ | ᠬᠠᠷᠢᠭᠤᠴᠠᠯᠭ᠎ᠠ ᠶᠢᠨ ᠳᠦᠷᠢᠮ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠴᠢᠩᠭᠠᠳᠬᠠᠨ᠎ᠠ᠃ ︽ᠬᠡᠷᠡᠭᠵᠢᠬᠦᠯᠬᠦ | ᠰᠠᠨᠠᠯ︾ ᠳᠤ ᠬᠢᠨᠠᠨ ᠪᠤᠳᠤᠯᠲᠠ ᠬᠢᠯᠭᠡᠭᠰᠡᠨ ᠨᠢᠭᠡᠴᠡ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ | ᠦᠨᠡᠨᠬᠦ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠶᠢᠨ ᠦᠷ᠎ᠡ ᠪᠦᠲᠦᠮᠵᠢ ᠶᠢ ᠭᠦᠢᠴᠡᠳ ᠬᠡᠷᠡᠭᠯᠡᠬᠦ ᠶᠢ ᠰᠢᠮᠳᠠᠭᠤᠯᠬᠤ ᠶᠢᠨ ᠲᠤᠯᠠᠳᠠ᠂ ᠬᠠᠮᠢᠶ᠎ᠠ ᠪᠦᠬᠦᠢ | ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠪᠡᠶᠡᠴᠢ ᠴᠣᠭᠴᠠ ᠶᠢ ᠲᠤᠲᠤᠷᠬᠠᠶᠢᠯᠠᠵᠤ᠂ ᠬᠢᠨᠠᠨ ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠢ | ᠴᠡᠭᠴᠡᠯᠡᠨ ᠰᠠᠶᠢᠵᠢᠷᠠᠭᠤᠯᠬᠤ ᠶᠢᠨ ᠨᠢᠭᠡᠳᠦᠭᠡᠷ ᠬᠠᠷᠢᠭᠤᠴᠠᠯᠭᠠᠲᠠᠨ ᠪᠤᠯᠭᠠᠬᠤ ᠶᠢ ᠱᠠᠭᠠᠷᠳᠠᠪᠠ᠃ ᠴᠡᠭᠴᠡᠯᠡᠨ ᠰᠠᠶᠢᠵᠢᠷᠠᠭᠤᠯᠬᠤ ᠶᠢ ︽ᠨᠢᠭᠡᠳᠦᠭᠡᠷ ᠭᠠᠷ︾ ᠤᠨ | ᠢᠨᠵᠧᠨᠧᠷᠢᠩ ᠪᠤᠯᠭᠠᠪᠠᠯ᠂ ᠨᠢᠭᠡᠴᠡ ᠨᠢ ᠠᠶᠠᠨᠳᠠᠭᠠᠨ ᠨᠡᠩ ᠴᠢᠬᠤᠯᠠᠴᠢᠯᠠᠨ ᠦᠵᠡᠬᠦ ᠪᠤᠯᠤᠨ᠎ᠠ᠃ ᠬᠢᠨᠠᠨ ᠪᠤᠳᠤᠭᠤᠯᠬᠤ ᠨᠢᠬᠡᠴᠡ ᠨᠢ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠳ᠋ᠦᠩ ᠢᠶᠠᠨ ᠬᠢᠨᠠᠨ ᠪᠣᠳᠣᠬᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠠᠳᠠᠯᠢ ᠱᠠᠲᠤᠨ ᠤ ᠵᠠᠰᠠᠭ ᠤᠨ ᠣᠷᠳᠣᠨ ᠪᠤᠶᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠲᠡᠭᠡᠨ ᠮᠡᠳᠡᠭᠦᠯᠬᠦ ᠶᠢᠨ ᠳᠠᠭᠠᠤ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠬᠦ ᠶᠢ ᠱᠠᠭᠠᠷᠳᠠᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠯ ᠪᠦᠷᠢ | ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠪᠠᠶᠢᠴᠠᠭᠠᠵᠤ ᠰᠢᠪᠠᠳᠠᠨ | ᠰᠢᠢᠳᠪᠦᠷᠢᠯᠡᠬᠦ ᠶᠠᠪᠤᠳᠠᠯ ᠳᠤ ᠣᠷᠣᠭᠤᠯᠵᠤ᠂ ᠬᠢᠨᠠᠨ ᠪᠤᠳᠤᠭᠤᠯᠬᠤ ᠨᠢᠬᠡᠴᠡ ᠶᠢᠨ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ | ᠲᠤᠬᠠᠶ ᠳᠤᠨᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠣᠳᠣᠭᠰᠠᠨ ᠦᠷ᠎ᠡ | ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠢᠨᠠᠨ ᠰᠢᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠦᠨᠳᠦᠰᠦ ᠪᠠᠷᠢᠮᠲᠠ ᠪᠤᠯᠭᠠᠨ᠂ ᠴᠡᠭᠴᠡᠯᠡᠨ | ᠰᠠᠶᠢᠵᠢᠷᠠᠭᠤᠯᠬᠤ ᠶᠢ ᠲᠤᠤᠱᠲᠠᠢ ᠬᠢᠭᠰᠡᠨ ᠦᠭᠡᠢ ᠪᠤᠯ ᠬᠢᠨᠠᠨ ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠵᠤ᠂ ᠰᠠᠶᠢᠲᠤᠷ | ᠴᠡᠭᠴᠡᠯᠡᠨ ᠦᠭᠡᠷᠡᠴᠢᠯᠡᠭᠰᠡᠨ ᠦᠭᠡᠢ᠂ ᠬᠢᠨᠠᠨ ᠪᠤᠳᠤᠬᠤ ᠪᠦᠷᠢ ᠴᠦᠮ ᠵᠦᠷᠢᠴᠡᠭᠰᠡᠨ ᠠᠰᠠᠭᠤᠳᠠᠯ ᠲᠠᠢ ᠪᠤᠯ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ ᠠᠰᠠᠭᠤᠬᠤ | ᠬᠡᠷᠡᠭᠲᠠᠢ᠃ ᠬᠢᠨᠠᠨ ᠪᠣᠳᠣᠬᠤ ᠪᠠᠶᠢᠭᠤᠯᠭ᠎ᠠ ᠨᠢ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠮᠥᠷᠳᠡᠬᠦ ᠲᠣᠭᠲᠠᠴᠠ ᠶᠢ ᠪᠠᠶᠢᠭᠤᠯᠵᠤ᠂ ᠴᠢᠬᠤᠯᠠ ᠲᠠᠢ ᠦᠶ᠎ᠡ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠷᠢᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠬᠠᠮᠵᠢᠯᠴᠠᠨ ᠨᠠᠶᠢᠳᠠᠪᠤᠷᠢᠵᠢᠭᠤᠯᠬᠤ ᠪᠣᠯᠤᠨ᠎ᠠ᠂ ᠡᠭᠦᠨ ᠤ ᠬᠠᠮᠲᠤ ᠪᠠᠰᠠ | ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠭᠡᠮ ᠨᠡᠶᠢᠲᠡ ᠳᠤ ᠬᠠᠷᠢᠴᠠᠩᠭᠤᠢ ᠪᠠᠷ ᠨᠡᠶᠢᠲᠡᠯᠡᠬᠦ | ᠪᠤᠯᠤᠨ᠎ᠠ᠃ | ﹇ᠯᠢᠦ ᠸᠧᠨ ᠯᠸᠢ﹈ | ᠳᠦᠷᠪᠡ ᠳᠤ᠂ ᠬᠢᠨᠠᠨ ᠪᠣᠳᠣᠬᠤ ᠠᠵᠢᠯ ᠢ ᠬᠠᠮᠵᠢᠯᠴᠠᠬᠤ ᠳᠤ ᠰᠢᠨ᠎ᠡ ᠵᠢᠷᠤᠮᠯᠠᠯ ᠲᠠᠢ ᠪᠤᠯᠪᠠ᠃ ᠬᠢᠨᠠᠨ ᠪᠤᠳᠤᠬᠤ ᠶᠢᠨ ᠬᠢᠨᠠᠯᠲᠠ ᠲᠠᠯᠪᠢᠬᠤ ᠨᠢ ᠮᠠᠨ ᠤ | ᠤᠯᠤᠰ ᠲᠤ ᠪᠠᠨ ᠨᠡᠯᠢᠶᠡᠳ ᠬᠦᠴᠢᠷ ᠲᠠᠢ ᠠᠰᠠᠭᠤᠳᠠᠯ ᠪᠤᠯᠤᠨ᠎ᠠ᠂ ᠬᠢᠨᠠᠨ ᠪᠤᠳᠤᠭᠤᠯᠬᠤ ᠲᠠᠯ᠎ᠠ ᠨᠢ ᠬᠢᠨᠠᠨ ᠪᠤᠳᠤᠬᠤ ᠶᠢ ᠬᠠᠤᠯᠢ ᠶᠣᠰᠣᠭᠠᠷ ᠬᠦᠯᠢᠶᠡᠨ ᠠᠪᠬᠤ ᠦᠵᠡᠯ | ᠤᠬᠠᠮᠰᠠᠷ ᠢᠶᠠᠷ ᠳᠤᠲᠠᠮᠠᠭ ᠠᠴᠠ ᠪᠤᠯᠤᠭᠠᠳ᠂ ᠬᠢᠨᠠᠨ ᠪᠣᠳᠣᠭᠴᠢᠳ ᠵᠠᠷᠢᠮ ᠳᠠᠭᠠᠨ ᠤᠨᠴᠠ ᠵᠠᠷᠢᠮ ᠪᠤᠳᠤᠭᠤᠯᠬᠤ ᠲᠠᠯ᠎ᠠ ᠶᠢᠨ ᠬᠠᠮᠵᠢᠯᠴᠠᠵᠤ ᠦᠭᠭᠦ ᠦᠭᠡᠢ | ᠬᠦᠴᠢᠷᠳᠡᠯ ᠳᠤ ᠲᠤᠯᠭᠠᠷᠠᠳᠠᠭ᠃ ᠲᠡᠳᠡᠨ ᠤ ᠵᠠᠷᠢᠮ ᠨᠢ ᠬᠢᠨᠠᠨ ᠪᠣᠳᠣᠯᠲᠠ ᠳᠤ ᠴᠢᠬᠤᠯᠠ ᠪᠦᠬᠦᠢ ᠮᠠᠲ᠋ᠧᠷᠢᠶᠠᠯ ᠢ ᠬᠠᠩᠭᠠᠬᠤ ᠶᠢ ᠲᠠᠪᠴᠢᠬᠦ ᠪᠤᠶᠤ ᠵᠤᠷᠢᠭᠤᠳᠠ ᠭᠡᠷᠡᠴᠢ | ᠪᠠᠷᠢᠮᠲᠠ ᠶᠢ ᠤᠰᠠᠳᠬᠠᠬᠤ᠂ ᠬᠠᠭᠤᠷᠮᠠᠭ ᠭᠡᠷᠡᠴᠢ ᠪᠠᠷᠢᠮᠲᠠ ᠬᠠᠨᠭ᠍ᠭᠠᠬᠤ᠂ ᠵᠠᠷᠢᠮ ᠨᠢ ᠴᠢᠨᠠᠭᠰᠢᠯᠠᠭᠠᠳ ᠬᠢᠨᠠᠨ ᠪᠣᠳᠣᠭᠴᠢᠳ ᠢ ᠠᠶᠤᠯᠭᠠᠨ ᠰᠦᠷᠳᠡᠭᠦᠯᠳᠡᠭ᠃ | ᠡᠭᠦᠨ ᠠᠴᠠ ᠭᠠᠳᠠᠨ᠎ᠠ᠂ ᠣᠨᠴᠠ ᠵᠠᠷᠢᠮ ᠬᠠᠮᠵᠢᠨ ᠪᠠᠶᠢᠴᠠᠭᠠᠬᠤ ᠨᠢᠭᠡᠴᠡ ᠨᠢ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠳᠤᠲᠠᠮᠠᠭ ᠪᠠᠶᠢᠵᠤ᠂ ᠬᠢᠨᠠᠨ ᠪᠣᠳᠣᠬᠤ | ᠠᠵᠢᠯ ᠤᠨ ᠪᠠᠶᠢᠳᠠᠯ ᠢ ᠵᠠᠳᠠᠷᠠᠭᠤᠯᠳᠠᠭ ᠪᠠᠶᠢᠨ᠎ᠠ᠃ | ︽ᠬᠡᠷᠡᠭᠵᠢᠬᠦᠯᠬᠦ ᠰᠠᠨᠠᠯ︾ ᠳᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨᠠᠨ ᠪᠣᠳᠣᠯᠲᠠ ᠳᠤ ᠬᠠᠮᠵᠢᠯᠴᠠᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠂ ᠬᠢᠨᠠᠨ ᠪᠣᠳᠣᠯᠲᠠ ᠶᠢ ᠬᠦᠯᠢᠶᠡᠭᠰᠡᠳ ᠪᠦᠬᠦᠨ ᠬᠠᠷᠰᠢ ᠰᠠᠭᠠᠳ ᠭᠠᠷᠭᠠᠵᠤ ᠪᠤᠯᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ | ᠨᠢᠭᠡᠴᠡ ᠨᠢ ᠬᠢᠨᠠᠨ ᠪᠣᠳᠣᠯᠲᠠ ᠳᠤ ᠬᠡᠷᠡᠭᠴᠡᠭᠡ ᠪᠦᠬᠦᠢ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ᠂ ᠲᠤᠬᠠᠶᠢᠯᠠᠭᠰᠠᠨ ᠠᠵᠢᠯ ᠪᠣᠯᠤᠨ ᠬᠠᠮᠢᠶᠠᠷᠤᠯᠲᠠ ᠵᠡᠷᠭᠡ | ᠮᠠᠲ᠋ᠧᠷᠢᠶᠠᠯ ᠢ ᠬᠠᠤᠯᠢ ᠶᠣᠰᠣᠭᠠᠷ᠂ ᠴᠠᠭ ᠲᠤᠬᠠᠶ ᠳᠤᠨᠢ᠂ ᠪᠦᠷᠢᠨ ᠪᠦᠲᠦᠨ᠂ ᠦᠨᠡᠨ | ᠪᠣᠳᠠᠲᠤ᠂ ᠪᠦᠬᠦ ᠲᠠᠯ᠎ᠠ ᠪᠠᠷ ᠬᠠᠨᠭ᠍ᠭᠠᠬᠤ ᠬᠡᠷᠡᠭᠲᠠᠢ᠂ ᠬᠤᠯᠪᠣᠭᠳᠠᠯ ᠪᠦᠬᠦᠢ ᠡᠯᠧᠺᠲᠷᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ᠂ ᠴᠢᠬᠤᠯᠠ ᠪᠦᠬᠦᠢ ᠮᠡᠷᠭᠡᠵᠢᠯ ᠤᠨ | ᠪᠢᠴᠢᠭᠯᠡᠯ ᠵᠢᠴᠢ ᠴᠢᠬᠤᠯᠠ ᠪᠦᠬᠦᠢ ᠠᠵᠢᠯ ᠤᠨ ᠣᠷᠴᠢᠨ ᠲᠣᠭᠤᠷᠢᠨ ᠢ ᠪᠠᠭᠲᠠᠭᠠᠭᠰᠠᠨ ᠬᠢᠨᠠᠨ ᠪᠣᠳᠣᠬᠤ ᠪᠠᠶᠢᠭᠤᠯᠭ᠎ᠠ ᠳᠤ ᠮᠠᠲ᠋ᠧᠷᠢᠶᠠᠯ ᠬᠠᠨᠭ᠍ᠭᠠᠬᠤ ᠪᠠ | ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠵᠤ ᠪᠠᠶᠢᠴᠠᠭᠠᠨ ᠯᠠᠪᠯᠠᠬᠤ ᠡᠷᠬᠡ ᠮᠡᠳᠡᠯ ᠢ ᠬᠢᠵᠠᠭᠠᠷᠯᠠᠬᠤ ᠲᠤᠭᠲᠠᠭᠠᠯ ᠲᠤᠭᠲᠠᠭᠠᠵᠤ ᠪᠤᠯᠬᠤ ᠦᠭᠡᠢ᠂ | ᠨᠢᠭᠡᠨᠲᠡ ᠲᠣᠭᠲᠠᠭᠠᠭᠰᠠᠨ ᠪᠠᠶᠢᠪᠠᠯ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭᠠᠬᠤ ᠭᠡᠷᠡᠭᠲᠠᠢ᠃ | ﹇ᠯᠢᠦ ᠸᠧᠨ ᠯᠸᠢ﹈ | ᠲᠠᠪᠤ ᠳᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠨᠢ ᠬᠦᠴᠦᠲᠡᠶ ᠪᠠᠲᠤᠯᠠᠭ᠎ᠠ ᠲᠠᠢ ᠪᠣᠯᠪᠠ᠃ ︽ᠬᠡᠷᠡᠭᠵᠢᠭᠦᠯᠬᠦ ᠰᠠᠨᠠᠯ︾ ᠳᠤ ᠬᠢᠨᠠᠨ | ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠢ ᠬᠠᠮᠠᠭᠠᠯᠠᠵᠤ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠢᠨᠠᠨ ᠪᠣᠳᠣᠯᠲᠠ ᠶᠢᠨ | ᠪᠠᠶᠢᠭᠤᠯᠭ᠎ᠠ ᠶᠢᠨ ᠬᠠᠤᠯᠢ ᠶᠣᠰᠣᠭᠠᠷ ᠬᠢᠨᠠᠨ ᠪᠣᠳᠣᠬᠤ᠂ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ᠂ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ | ᠨᠡᠶᠢᠲᠡ ᠳᠤ ᠬᠠᠤᠯᠢ ᠶᠣᠰᠣᠭᠠᠷ ᠵᠠᠷᠯᠠᠨ ᠮᠡᠳᠡᠭᠳᠡᠬᠦ ᠶᠢ ᠪᠠᠲᠤᠯᠠᠬᠤ ᠬᠡᠷᠡᠭᠲᠡᠢ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠣᠯᠣᠨ ᠬᠤᠪᠢ | ᠬᠥᠮᠦᠨ ᠤ ᠭᠠᠷ ᠲᠦᠷᠦᠭᠦ ᠶᠢ ᠬᠦᠯᠢᠶᠡᠬᠦ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢᠨ ᠬᠢᠨᠠᠯᠲᠠ | ᠪᠠᠶᠢᠴᠠᠭᠠᠯᠲᠠ ᠬᠢᠬᠦ ᠶᠢ ᠲᠤᠭᠲᠠᠮᠠᠯ ᠬᠤᠭᠤᠴᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠲᠡᠪᠴᠢᠬᠦ᠂ | ᠬᠢᠨᠠᠨ ᠪᠣᠳᠣᠬᠤ ᠠᠵᠢᠯ ᠢ ᠬᠠᠷᠰᠢᠯᠠᠬᠤ ᠰᠠᠭᠠᠲᠠᠭᠠᠬᠤ᠂ ᠥᠯᠦ ᠬᠠᠮᠵᠢᠯᠴᠠᠬᠤ᠂ ᠡᠰᠡᠭᠦᠯ᠎ᠡ ᠬᠢᠨᠠᠨ ᠪᠣᠳᠣᠭᠴᠢᠳ ᠢ ᠠᠶᠤᠯᠭᠠᠨ ᠰᠦᠷᠳᠡᠬᠦᠯᠬᠦ ᠪᠣᠶᠤ ᠥᠰᠢᠶ᠎ᠡ ᠠᠪᠤᠭᠰᠠᠨ | ᠶᠠᠪᠤᠳᠠᠯ ᠢ ᠬᠠᠦᠯᠢ ᠳᠦᠷᠢᠮ ᠰᠠᠬᠢᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ | ᠨᠤᠭᠤᠳ ᠬᠢᠨᠠᠨ ᠪᠣᠳᠣᠭᠰᠠᠨ ᠦᠷ᠎ᠡ ᠳ᠋ᠦᠩ ᠪᠣᠯᠣᠨ ᠬᠦᠨᠳᠦ ᠶᠡᠭᠡ ᠬᠡᠷᠡᠭ ᠤᠨ ᠰᠦᠪᠡᠭᠴᠢ ᠶᠢ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ | ᠡᠷᠬᠡᠪᠰᠢ ᠳᠡᠭᠡᠷ᠎ᠡ ᠨᠢᠭᠡᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠂ ᠡᠨᠡ ᠨᠢ ᠠᠳᠠᠯᠢ ᠱᠠᠲᠤᠨ ᠤ ᠵᠠᠰᠠᠭ ᠤᠨ | ᠣᠷᠳᠣᠨ ᠤ ᠨᠣᠶᠠᠨ ᠨᠣᠶᠠᠨ ᠢᠶᠠᠨ ᠬᠠᠷᠢᠯᠴᠠᠨ ᠥᠮᠦᠭᠡᠷᠡᠬᠦ ᠶᠢ ᠰᠡᠷᠭᠡᠶᠢᠯᠡᠵᠦ᠂ ᠬᠢᠨᠠᠨ ᠪᠣᠳᠣᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠠᠰᠢᠭᠲᠠᠢ ᠪᠣᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠨᠢ ᠬᠢᠨᠠᠨ ᠪᠣᠳᠣᠬᠤ ᠠᠵᠢᠯ ᠳᠠᠬᠢ ᠪᠠᠲᠤ ᠴᠢᠩᠭ᠎ᠠ | ᠳᠡᠮᠵᠢᠯᠭᠡ ᠪᠣᠯᠣᠨ ᠬᠦᠨᠳᠦ ᠨᠠᠶᠢᠳᠠᠯᠭ᠎ᠠ ᠶᠢ ᠢᠯᠡᠷᠡᠭᠦᠯᠵᠦ᠂ ᠬᠢᠨᠠᠨ ᠪᠣᠳᠣᠬᠤ ᠠᠵᠢᠯ ᠰᠢᠨ᠎ᠡ ᠬᠡᠪ ᠪᠠᠶᠢᠳᠠᠯ ᠳᠤ ᠤᠷᠤᠭᠰᠠᠨ ᠢ ᠬᠠᠷᠠᠭᠤᠯᠵᠠᠢ᠄ ᠡᠭᠦᠷᠭᠡ | ᠬᠠᠷᠢᠭᠤᠴᠠᠯᠭ᠎ᠠ ᠶᠢᠨ ᠣᠷᠣᠨ ᠪᠠᠶᠢᠷᠢ ᠨᠡᠩ ᠥᠨᠳᠥᠷᠵᠢᠵᠦ᠂ ᠡᠭᠦᠷᠭᠡ ᠨᠡᠩ ᠬᠥᠨᠳᠦᠷᠡᠵᠦ᠂ ᠡᠷᠬᠡ ᠮᠡᠳᠡᠯ ᠨᠡᠩ ᠶᠡᠬᠡᠳᠴᠦ᠂ ᠱᠠᠭᠠᠷᠳᠠᠯᠭ᠎ᠠ ᠨᠡᠩ ᠴᠢᠩᠭᠠᠷᠠᠵᠤ᠂ | ᠲᠦᠭᠰᠢᠭᠦᠷᠢ ᠴᠦ ᠪᠠᠰᠠ ᠨᠡᠩ ᠶᠡᠭᠡ ᠪᠣᠯᠵᠤ᠂ ᠬᠢᠨᠠᠨ ᠪᠣᠳᠣᠯᠲᠠ ᠶᠢᠨ ᠤᠯᠤᠰ ᠣᠷᠣᠨ ᠢ ᠵᠠᠰᠠᠬᠤ ᠪᠠᠭᠠᠵᠢ ᠶᠢᠨ ᠥᠪᠡᠷᠮᠢᠴᠡ ᠣᠨᠴᠠᠯᠢᠭ ᠨᠢ ᠡᠳᠦᠷ ᠢᠷᠡᠬᠦᠶ᠎ᠡ | ᠳᠣᠪᠣᠶᠢᠮ᠎ᠠ ᠪᠣᠯᠪᠠ᠃ ︽ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ︾ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠳᠤ᠂ ᠬᠢᠨᠠᠨ ᠪᠣᠳᠣᠬᠤ ᠠᠵᠢᠯ ᠤᠨ ᠬᠦᠨᠳᠦ ᠡᠭᠦᠷᠭᠡ ᠶᠢ ᠡᠭᠦᠷᠭᠡᠯᠡᠨ᠂ ᠲᠦᠯᠬᠢᠵᠤ ᠪᠣᠯᠣᠰᠢ ᠦᠭᠡᠢ ᠬᠠᠷᠢᠭᠤᠴᠠᠯᠭ᠎ᠠ ᠲᠠᠢ ᠪᠠᠶᠢᠨ᠎ᠠ᠃ | ﹇ᠬᠥᠲᠥᠯᠦᠭᠴᠢ﹈ | ᠮᠠᠨ ᠤ ᠬᠢᠨᠠᠨ ᠪᠣᠳᠣᠬᠤ ᠰᠠᠯᠠᠭ᠎ᠠ ᠮᠥᠴᠢᠷ ᠤᠳ ᠨᠢ ᠰᠢᠨ᠎ᠡ ᠬᠡᠪ ᠪᠠᠶᠢᠳᠠᠯ ᠳᠣᠣᠷ᠎ᠠ ᠡᠯ᠎ᠡ ᠵᠦᠢᠯ ᠤᠨ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠤᠶ︖ | ﹇ᠯᠢᠦ ᠸᠧᠨ ᠯᠸᠢ﹈ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠢᠨᠠᠨ ᠪᠣᠳᠣᠬᠤ ᠶᠢᠨ ᠠᠭᠤᠯᠤᠭᠳᠠᠬᠤᠨ ᠮᠠᠰᠢ ᠲᠥᠷᠭᠡᠨ ᠪᠠᠶᠠᠯᠢᠭᠵᠢᠵᠤ᠂ ᠠᠭᠤᠯᠬᠤᠨ ᠨᠢ ᠦᠳᠲᠡᠷ | ᠲᠦᠷᠭᠡᠨ ᠥᠷᠭᠡᠳᠪᠡ᠂ ᠡᠨᠡ ᠨᠢ ᠬᠢᠨᠠᠨ ᠪᠣᠳᠣᠯᠲᠠ ᠶᠢᠨ ᠺᠠᠳ᠋ᠷ ᠰᠢᠨ᠎ᠡ ᠬᠡᠪ ᠪᠠᠶᠢᠳᠠᠯ ᠳᠤ ᠦᠳᠲᠡᠷ ᠲᠦᠷᠭᠡᠨ ᠵᠣᠬᠢᠴᠠᠬᠤ ᠶᠢ ᠱᠠᠭᠠᠷᠳᠠᠪᠠ᠃ | ᠰᠢᠨ᠎ᠡ ᠬᠡᠪ ᠪᠠᠶᠢᠳᠠᠯ᠂ ᠰᠢᠨ᠎ᠡ ᠡᠭᠦᠷᠭᠡ᠃ ᠰᠢᠨ᠎ᠡ ᠱᠠᠭᠠᠷᠳᠠᠯᠭ᠎ᠠ᠂ ᠲᠣᠭᠲᠠᠭᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠢᠨᠠᠨ ᠪᠣᠳᠣᠬᠤ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠣᠳᠠᠲᠠᠶ ᠲᠤᠬᠠᠶᠢᠯᠠᠭᠰᠠᠨ ᠠᠵᠢᠯ ᠤᠨ ᠲᠠᠯ᠎ᠠ ᠪᠠᠷ ᠪᠠᠰᠠ ᠨᠢᠭᠡ ᠬᠡᠮᠵᠢᠶᠡᠨ ᠤ ᠲᠣᠬᠢᠷᠠᠭᠤᠯᠤᠯᠲᠠ ᠬᠢᠬᠦ ᠪᠣᠯᠣᠨ᠎ᠠ᠃ | ᠡᠳ᠋ ᠤᠨ ᠵᠠᠰᠠᠭ ᠤᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠬᠢᠨᠠᠨ ᠪᠣᠳᠣᠯᠲᠠ ᠶᠢᠨ ᠬᠦᠴᠦᠯᠡᠬᠦ ᠴᠢᠭ᠋ ᠢ ᠣᠯᠠᠨ ᠨᠡᠶᠢᠲᠡ ᠶᠢᠨ | ᠪᠡᠯᠡ ᠮᠥᠩᠭᠦᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠢᠭᠡ ᠳᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠬᠢᠶ᠎ᠠ ᠳᠦᠷᠢᠮ︾ ᠤᠨ ᠱᠠᠭᠠᠷᠳᠠᠯᠭ᠎ᠠ ᠶᠢ ᠲᠣᠣᠱᠯᠠᠭᠤᠯᠬᠤ ᠲᠣᠭᠤᠷᠢᠨ ᠳᠤ᠂ ᠠᠯᠪᠠᠨ ᠵᠠᠷᠤᠯᠭ᠎ᠠ | ᠪᠣᠯᠣᠨ ᠠᠯᠪᠠᠨ ᠤ ᠵᠣᠭᠤᠰ ᠤᠨ ᠬᠡᠷᠡᠭᠯᠡᠭᠡ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ ᠬᠡᠳᠦ ᠬᠡᠬᠡᠨᠴᠢᠷ ᠪᠦᠷᠢᠯᠭᠡᠨ ᠰᠦᠢᠳᠬᠡᠬᠦ ᠪᠠᠶᠢᠭᠤᠯᠤᠯᠲᠠ ᠶᠢᠨ ᠬᠢᠨᠠᠨ | ᠪᠣᠳᠣᠯᠲᠠ ᠶᠢ ᠴᠢᠩᠭᠠᠳᠬᠠᠨ᠂ ᠠᠯᠪᠠᠨ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ ᠲᠤᠰᠬᠠᠶ ᠵᠦᠢᠯ ᠤᠨ ᠬᠢᠨᠠᠨ | ᠪᠣᠳᠣᠯᠲᠠ ᠶᠢᠨ ᠡᠷᠴᠢᠮ ᠢ ᠴᠢᠩᠭᠠᠷᠠᠭᠤᠯᠤᠨ᠂ ᠠᠷᠪᠢᠯᠠᠨ ᠭᠠᠮᠨᠠᠬᠤ ᠪᠠ ᠬᠠᠮᠢᠶᠠᠷᠤᠯᠲᠠ ᠪᠠᠨ ᠵᠢᠷᠤᠮᠵᠢᠭᠤᠯᠬᠤ ᠶᠢ ᠠᠬᠢᠭᠤᠯᠵᠤ᠂ ᠪᠣᠷᠣᠭᠵᠢᠭᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ᠂ ᠲᠠᠷᠢᠶᠠᠯᠠᠩ ᠣᠶ ᠰᠢᠭᠤᠶ ᠤᠰᠤᠨ ᠤ | ᠶᠠᠪᠤᠳᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠬᠤᠨᠵᠢᠪᠤᠷᠢᠲᠤ ᠰᠤᠭᠤᠯᠤᠭ᠎ᠠ ᠵᠡᠷᠭᠡ ᠪᠡᠯᠡ ᠮᠥᠩᠭᠦ ᠪᠣᠯᠣᠨ ᠲᠥᠷᠥᠯ ᠵᠦᠢᠯ ᠤᠨ ᠬᠢᠨᠠᠨ ᠪᠣᠳᠣᠯᠲᠠ ᠶᠢ | ᠴᠢᠩᠭᠠᠳᠬᠠᠵᠤ᠂ ᠣᠯᠠᠨ ᠲᠦᠮᠡᠨ ᠤ ᠳᠡᠷᠭᠡᠳᠡ ᠡᠭᠦᠰᠴᠦ ᠪᠠᠶᠢᠭ᠎ᠠ ᠬᠠᠦᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠢᠯᠡᠷᠡᠭᠦᠯᠦᠨ ᠲᠤᠰᠬᠠᠨ᠎ᠠ | ᠃ ᠣᠯᠠᠨ ᠨᠡᠶᠢᠲᠡ ᠶᠢᠨ ᠪᠡᠯᠡ ᠮᠥᠩᠭᠦ ᠶᠢ ᠴᠢᠩᠭ᠎ᠠ ᠬᠠᠮᠢᠶᠠᠷᠴᠤ᠂ ᠱᠠᠮᠰᠢᠬᠤ᠂ ᠪᠦᠷᠢᠯᠭᠡᠬᠦ ᠵᠡᠷᠭᠡ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠦᠷᠢᠴᠡᠬᠦ ᠦᠢᠯᠡ | ᠠᠵᠢᠯᠯᠠᠭ᠎ᠠ ᠶᠢ ᠴᠢᠩᠭ᠎ᠠ ᠰᠡᠷᠭᠡᠶᠢᠯᠡᠨ᠎ᠡ᠃ ᠬᠤᠶᠠᠷ ᠲᠤ᠂ ᠨᠡᠶᠢᠭᠡᠮ ᠨᠡᠶᠢᠲᠡ ᠳᠤ ᠢᠯᠡ ᠪᠣᠯᠭᠠᠵᠤ᠂ ᠬᠢᠨᠠᠨ ᠪᠣᠳᠣᠬᠤ ᠠᠵᠢᠯ ᠤᠨ ᠪᠠᠶᠢᠳᠠᠯ ᠢ ᠢᠯᠡ ᠪᠣᠯᠭᠠᠵᠤ᠂ ᠬᠢᠨᠠᠨ | ᠪᠣᠳᠣᠭᠰᠠᠨ ᠦᠷ᠎ᠡ ᠳ᠋ᠦᠩ ᠢ ᠢᠯᠡ ᠪᠣᠯᠭᠠᠵᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠢᠯᠡ ᠪᠣᠯᠭᠠᠨ᠎ᠠ᠃ ᠦᠷ᠎ᠡ ᠠᠰᠢᠭ ᠢ | ᠯᠠᠪᠯᠠᠬᠤ᠂ ᠠᠮᠵᠢᠯᠲᠠ ᠶᠢ ᠯᠠᠪᠯᠠᠬᠤ᠂ ᠬᠠᠷᠢᠭᠤᠴᠠᠯᠭ᠎ᠠ ᠶᠢ ᠠᠰᠠᠭᠤᠬᠤ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠤᠨ᠂ ᠣᠯᠠᠨ ᠨᠡᠶᠢᠲᠡ ᠶᠢᠨ ᠪᠡᠯᠡ | ᠮᠥᠡᠭᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠨᠢ ᠠᠷᠠᠳ ᠣᠯᠠᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠮᠥᠷᠲᠡᠭᠡᠨ ᠪᠠᠰᠠ ᠠᠵᠤ ᠠᠬᠤᠶ ᠶᠢᠨ ᠨᠡᠮᠡᠭᠳᠡᠯ ᠳᠠᠬᠢ ᠲᠣᠳᠣᠭᠠᠲᠤ ᠬᠡᠷᠡᠭᠯᠡᠭᠡ ᠶᠢᠨ ᠳᠠᠶᠢᠴᠢᠯᠠᠬᠤ ᠬᠦᠦᠴᠨ ᠢ | ᠨᠡᠮᠡᠭᠳᠡᠬᠦᠯᠬᠦ ᠶᠢᠨ ᠬᠡᠷᠡᠭᠴᠡᠭᠡ ᠮᠦᠨ᠃ ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠳᠤ ᠭᠤᠯᠳᠣᠰᠢ ᠪᠣᠳᠣᠬᠤ ᠶᠢ ᠪᠠᠷᠢᠮᠲᠠᠯᠠᠵᠤ᠂ ᠪᠡᠯᠡ ᠮᠥᠡᠭᠭᠦᠨ ᠤ ᠬᠠᠨᠳᠤᠰᠢ ᠶᠢ | ᠳᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠲᠥᠰᠦᠪ ᠤᠨ ᠲᠣᠬᠢᠷᠠᠭᠤᠯᠤᠯᠲᠠ᠂ ᠪᠡᠯᠡ ᠮᠥᠩᠭᠦ ᠬᠤᠪᠢᠶᠠᠷᠢᠯᠠᠨ ᠥᠭᠬᠦ ᠠᠴᠠ ᠠᠪᠤᠭᠠᠳ ᠲᠥᠷᠥᠯ | ᠵᠦᠢᠯ ᠬᠦᠷᠲᠡᠯ᠎ᠡ᠂ ᠬᠤᠪᠢ ᠬᠥᠮᠦᠨ ᠬᠦᠷᠲᠡᠯ᠎ᠡ ᠮᠦᠷᠳᠡᠵᠦ᠂ ᠣᠯᠠᠨ ᠲᠦᠮᠡᠨ ᠡᠭᠦᠨ ᠤ ᠳᠤᠮᠳᠠ ᠠᠴᠠ ᠦᠨᠡᠨ ᠬᠦ ᠠᠰᠢᠭ ᠬᠦᠷᠲᠡᠬᠦ ᠶᠢ ᠨᠢ ᠪᠠᠲᠤᠯᠠᠨ᠎ᠠ᠃ | ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ᠂ ᠠᠰᠠᠭᠤᠳᠠᠯ ᠪᠣᠯᠣᠨ ᠲᠦᠭᠰᠢᠭᠦᠷᠢ ᠶᠢ ᠢᠯᠡᠷᠡᠭᠦᠯᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ | ﹇ᠯᠢᠦ ᠸᠧᠨ ᠯᠸᠢ﹈ | ᠪᠡᠯᠡ ᠣᠷᠤᠭᠤᠯᠤᠯᠲᠠ ᠶᠢ ᠬᠢᠨᠠᠨ ᠪᠣᠳᠣᠬᠤ ᠶᠢ ᠰᠠᠶᠢᠲᠤᠷ ᠠᠳᠬᠤᠬᠤ ᠬᠡᠷᠡᠭᠲᠡᠢ᠃ ︽ᠪᠦᠬᠦᠨ ᠢ ᠬᠠᠮᠤᠷᠬᠤ︾ ᠶᠢᠨ ᠰᠡᠳᠬᠢᠮᠵᠢ᠂ ᠣᠨᠣᠯᠵᠢᠬᠤᠨ ᠢᠶᠠᠷ ᠲᠤᠰ | ᠠᠵᠢᠯ ᠢ ᠬᠥᠲᠥᠯᠥᠨ ᠳᠠᠭᠠᠭᠤᠯᠬᠤ ᠪᠠ ᠠᠬᠢᠭᠤᠯᠣᠨ᠎ᠠ᠃ ᠬᠢᠨᠠᠨ ᠪᠣᠳᠣᠬᠤ ᠰᠢᠨ᠎ᠡ ᠠᠷᠭ᠎ᠠ ᠶᠢ ᠡᠭᠦᠳᠴᠦ᠂ ᠮᠥᠷᠳᠡᠵᠦ ᠬᠢᠨᠠᠨ ᠪᠣᠳᠣᠬᠤ ᠡᠷᠴᠢᠮ ᠢᠶᠠᠨ | ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠬᠦ ᠶᠠᠪᠤᠴᠠ ᠳᠤ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠢᠨᠠᠨ | ᠪᠣᠳᠣᠬᠤ ᠪᠠᠶᠢᠭᠤᠯᠭ᠎ᠠ ᠤᠯᠤᠰ ᠤᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠣᠳᠣᠬᠤ ᠶᠠᠪᠤᠴᠠ ᠳᠤ | ᠣᠯᠵᠤ ᠮᠡᠳᠡᠭᠰᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤ ᠬᠠᠦᠯᠢ ᠠᠴᠠ ᠵᠦᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠴᠠᠭ | ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ︔ ᠬᠢᠨᠠᠨ ᠲᠣᠭᠲᠠᠭᠠᠭᠰᠠᠨ ᠲᠤᠭ᠎ᠠ ᠪᠣᠯᠣᠨ | ᠳᠠᠭᠠᠭᠠᠴᠢᠯᠠᠯᠲᠠ ᠣᠯᠣᠭᠰᠠᠨ ᠦᠨ᠎ᠡ ᠶᠢᠨ ᠵᠥᠷᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠠᠳᠠᠯᠢ ᠪᠤᠰᠤ ᠪᠠᠶᠢᠳᠠᠯ ᠢᠶᠠᠷ ᠨᠢ ᠲᠥᠷᠥᠯ ᠵᠦᠢᠯ ᠤᠨ ᠥᠮᠴᠢᠲᠡᠨ ᠢ | ᠵᠠᠷᠯᠢᠭᠳᠠᠵᠤ ᠪᠠᠶᠢᠭᠠᠳ ᠴᠠᠭ ᠲᠤᠬᠠᠶ ᠳᠤᠨᠢ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠳᠡᠭᠡᠭᠰᠢ ᠮᠡᠳᠡᠭᠦᠯᠦᠨ ᠵᠦᠪᠰᠢᠶᠡᠷᠡᠭᠦᠯᠬᠦ᠂ ᠡᠰᠡᠬᠦᠯ᠎ᠡ | ᠬᠢᠨᠠᠨ ᠪᠠᠶᠢᠴᠠᠭᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ ᠰᠢᠢᠳᠪᠦᠷᠢᠯᠡᠭᠦᠯᠦᠨ᠎ᠡ︔ | ᠬᠢᠨᠠᠨ ᠬᠠᠰᠤᠬᠤ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠬᠢᠨᠠᠨ ᠪᠠᠶᠢᠴᠠᠭᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ | ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠨ ᠰᠢᠢᠳᠪᠦᠷᠢᠯᠡᠭᠦᠯᠬᠦ ᠵᠡᠷᠭᠡ ᠬᠠᠮᠢᠶ᠎ᠡ ᠪᠦᠬᠦᠢ ᠲᠣᠭᠲᠠᠭᠠᠯ ᠢ ᠪᠣᠲᠠᠲᠠᠢ ᠨᠠᠶᠢᠳᠠᠪᠤᠷᠢᠵᠢᠭᠤᠯᠤᠨ᠎ᠠ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ᠃ ᠠᠮᠵᠢᠯᠲᠠ ᠪᠦᠲᠦᠮᠵᠢ ᠶᠢᠨ ᠣᠨᠣᠯᠵᠢᠬᠤᠨ ᠢ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ | ᠪᠣᠳᠣᠬᠤ ᠠᠵᠢᠯ ᠳᠤ ᠪᠦᠷᠢᠨ ᠲᠤᠤᠱᠯᠠᠭᠤᠯᠵᠤ᠂ ᠲᠤᠰᠢᠶᠠᠯ ᠤᠨ ᠬᠤᠭᠤᠴᠠᠭᠠᠨ ᠳᠤ ᠬᠢᠨᠠᠨ ᠪᠣᠳᠣᠬᠤ ᠪᠠᠷ ᠭᠤᠣᠯ ᠪᠣᠯᠭᠠᠵᠤ᠂ ᠲᠤᠰᠢᠶᠠᠯ ᠤᠨ ᠬᠤᠭᠤᠴᠠᠭᠠᠨ ᠳᠤ ᠬᠢᠨᠠᠨ | ᠪᠣᠳᠣᠬᠤ ᠪᠠ ᠲᠤᠰᠢᠶᠠᠯ ᠠᠴᠠ ᠪᠠᠨ ᠰᠠᠯᠤᠭᠰᠠᠨ ᠤ ᠬᠤᠶᠢᠨ᠎ᠠ ᠬᠢᠨᠠᠨ ᠪᠣᠳᠣᠬᠤ ᠶᠢ ᠤᠶᠠᠯᠳᠤᠭᠤᠯᠬᠤ ᠬᠢᠨᠠᠨ ᠪᠣᠳᠣᠬᠤ ᠠᠷᠭ᠎ᠠ ᠶᠢ ᠴᠢᠩᠭᠠᠳᠬᠠᠵᠤ᠂ ᠤᠳᠤᠷᠢᠳᠬᠤ | ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠶᠢᠨ ᠪᠥᠬᠦᠨ ᠢ ᠪᠥᠷᠬᠦᠬᠦᠯᠬᠦ ᠶᠢ ᠬᠡᠷᠡᠭᠵᠢᠭᠦᠯᠵᠦ᠂ ᠪᠦᠬᠦ | ᠲᠠᠯ᠎ᠠ ᠪᠠᠷ ᠬᠢᠨᠠᠯᠲᠠ ᠲᠠᠯᠪᠢᠬᠤ ᠠᠴᠠ ᠭᠠᠳᠠᠨ᠎ᠠ ᠪᠠᠰᠠ ᠪᠦᠬᠦ ᠲᠠᠯ᠎ᠠ ᠪᠠᠷ ᠵᠠᠳᠠᠯᠵᠤ᠂ ᠬᠠᠮᠤᠭ ᠰᠡᠭᠦᠯ ᠳᠤᠨᠢ ᠬᠢᠨᠠᠨ ᠪᠣᠳᠣᠯᠲᠠ ᠶᠢ ᠬᠦᠯᠢᠶᠡᠭᠰᠡᠨ ᠤᠳᠤᠷᠢᠳᠬᠤ | ᠺᠠᠳ᠋ᠷ ᠤᠨ ᠲᠤᠰᠢᠶᠠᠯ ᠡᠭᠦᠷᠭᠡᠯᠡᠵᠦ ᠪᠠᠶᠢᠭ᠎ᠠ ᠬᠤᠭᠤᠴᠠᠭᠠᠨ ᠳᠠᠬᠢ ᠡᠭᠦᠷᠭᠡᠯᠡᠬᠦ ᠶᠣᠰᠣᠲᠠᠶ ᠠᠵᠤ ᠠᠬᠤᠶ ᠶᠢᠨ ᠬᠠᠷᠢᠭᠤᠴᠠᠯᠭ᠎ᠠ ᠪᠠᠶᠢᠳᠠᠯ ᠳᠤ ᠵᠥᠪ ᠣᠨᠣᠪᠴᠢᠲᠠᠶ᠂ | ᠦᠨ᠎ᠡ ᠴᠡᠨ᠎ᠡ ᠲᠠᠢ᠂ ᠲᠣᠯᠢᠳᠠᠭᠤᠰᠢᠲᠠᠢ ᠦᠨᠡᠯᠡᠯᠲᠡ ᠥᠭᠴᠦ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠲᠤ ᠤᠳᠤᠷᠢᠳᠬᠤ ᠺᠠᠳ᠋ᠷ ᠢ ᠬᠢᠨᠠᠨ ᠰᠢᠯᠭᠠᠬᠤ ᠪᠠ ᠲᠣᠮᠢᠯᠠᠨ ᠬᠡᠷᠡᠭᠯᠡᠬᠦ ᠳᠤ ᠦᠨᠳᠦᠰᠦ ᠪᠠᠷᠢᠮᠲᠠ ᠬᠠᠨᠭ᠍ᠭᠠᠨ᠎ᠠ᠃ | ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠦᠷ᠎ᠡ ᠳ᠋ᠥᠡᠭ ᠢ ᠨᠢ ᠴᠢᠩᠭ᠎ᠠ ᠰᠢᠳᠬᠡᠬᠦ ᠲᠤᠬᠠᠢ ᠱᠠᠭᠠᠷᠳᠠᠯᠭ᠎ᠠ ᠶᠢᠨ | ᠲᠣᠭᠤᠷᠢᠨ ᠳᠤ᠂ ᠡᠬᠢ ᠪᠠᠶᠠᠯᠢᠭ ᠢ ᠬᠠᠮᠢᠶᠠᠷᠬᠤ᠂ ᠪᠣᠬᠢᠷᠲᠤᠯ ᠢ ᠵᠠᠰᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠪᠠᠶᠢᠳᠠᠯ ᠤᠨ ᠬᠢᠨᠠᠨ ᠪᠣᠳᠣᠯᠲᠠ ᠶᠢ | ᠴᠢᠩᠭᠠᠳᠬᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠠᠭᠠᠯᠠᠬᠤ ᠪᠠᠶᠢᠳᠠᠯ ᠢ ᠬᠢᠨᠠᠨ ᠪᠣᠳᠣᠬᠤ ᠪᠠᠨ ᠴᠢᠩᠭᠠᠳᠬᠠᠵᠤ᠂ ᠬᠠᠮᠢᠶ᠎ᠡ | ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠵᠢᠭᠤᠯᠤᠯ᠂ ᠠᠭᠤᠷᠬᠠᠶ ᠶᠢᠨ ᠠᠵᠤ ᠦᠢᠯᠡᠰ ᠤᠨ ᠡᠷᠬᠡ ᠶᠢᠨ ᠬᠠᠮᠢᠶᠠᠷᠤᠯᠲᠠ᠂ ᠪᠡᠯᠡ ᠮᠥᠩᠭᠦ ᠶᠢᠨ ᠲᠠᠲᠠᠪᠤᠷᠢᠯᠠᠯᠲᠠ | ᠬᠠᠮᠢᠶᠠᠷᠤᠯᠲᠠ ᠵᠡᠷᠭᠡ ᠪᠠᠶᠢᠳᠠᠯ ᠢ ᠠᠩᠬᠠᠷᠴᠤ᠂ ᠬᠠᠤᠯᠢ ᠠᠴᠠ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ ᠣᠷᠴᠢᠨ ᠲᠣᠭᠤᠷᠢᠨ ᠢ ᠡᠪᠳᠡᠭᠰᠡᠨ ᠵᠡᠷᠭᠡ | ᠠᠰᠠᠭᠤᠳᠠᠯ ᠢ ᠭᠤᠣᠯᠯᠠᠨ ᠢᠯᠡᠷᠡᠭᠦᠯᠵᠦ᠂ ᠤᠯᠤᠰ ᠤᠨ ᠥᠮᠴᠢᠯᠡᠯ ᠤᠨ ᠡᠷᠬᠡ ᠠᠰᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ | ﹇ᠬᠥᠲᠥᠯᠦᠭᠴᠢ﹈ | ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ ᠬᠦᠨᠳᠦ ᠶᠣᠮ᠂ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠶᠢᠨ ᠲᠤᠰᠠᠲᠠ᠂ ᠮᠠᠨ ᠤ ᠬᠢᠨᠠᠨ ᠪᠣᠳᠣᠬᠤ ᠰᠠᠯᠠᠭ᠎ᠠ | ᠮᠥᠴᠢᠷ ᠨᠢ ᠲᠤᠰ ᠡᠩᠨᠡᠭᠡ ᠶᠢᠨ ᠪᠠᠶᠢᠭᠤᠯᠤᠯᠲᠠ ᠪᠠᠨ ᠬᠡᠷᠬᠢᠨ ᠴᠢᠩᠭᠠᠳᠬᠠᠬᠤ ᠪᠤᠶ︖ | ﹇ᠯᠢᠦ ᠸᠧᠨ ᠯᠸᠢ﹈ | ᠬᠢᠨᠠᠨ ᠪᠣᠳᠣᠭᠴᠢᠳ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠶ ᠭᠡᠳᠡᠭ ᠢᠶᠠᠨ ᠣᠶᠢᠯᠠᠭᠠᠵᠤ ᠪᠠᠶᠢᠨ᠎ᠠ᠃ ᠰᠢᠨ᠎ᠡ ᠴᠠᠭ | ᠦᠶ᠎ᠡ ᠳᠤ ᠰᠢᠨ᠎ᠡ ᠡᠭᠦᠷᠭᠡ ᠡᠭᠦᠷᠭᠡᠯᠡᠬᠦ ᠳᠤ᠂ ᠡᠷᠬᠡᠪᠰᠢ ᠬᠢᠨᠠᠨ ᠪᠣᠳᠣᠬᠤ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠢᠨᠠᠨ ᠪᠣᠳᠣᠬᠤ ᠠᠵᠢᠯ ᠢ ᠢᠮᠠᠭᠲᠠ ᠠᠮᠢᠵᠢᠷᠠᠯ ᠤᠨ ᠬᠦᠴᠦᠨ ᠲᠠᠢ ᠪᠠᠶᠢᠯᠭᠠᠵᠤ | ᠂ ᠬᠢᠨᠠᠨ ᠪᠣᠳᠣᠬᠤ ᠠᠵᠢᠯ ᠤᠨ ᠪᠦᠲᠦᠭᠡᠯᠴᠢ ᠴᠢᠳᠠᠪᠤᠷᠢ ᠶᠢ ᠬᠥᠭᠵᠢᠭᠡᠨ᠂ ᠬᠢᠨᠠᠨ ᠪᠣᠳᠣᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠢᠨᠠᠨ | ᠪᠣᠳᠣᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠨᠢᠭᠡ ᠳᠤ᠂ ᠤᠯᠤᠰ ᠲᠥᠷᠥ ᠶᠢᠨ ᠰᠢᠯᠢᠳᠡᠭ ᠵᠠᠩ ᠴᠢᠨᠠᠷ ᠢ ᠳᠠᠪᠳᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ ᠢ ᠬᠢᠬᠦ ᠳᠤ ᠡᠷᠬᠡᠪᠰᠢ ᠬᠡᠬᠦᠳᠡᠭ | ᠴᠡᠭᠡᠵᠢᠨ ᠳᠡᠭᠡᠨ ᠪᠦᠬᠦ ᠲᠠᠯ᠎ᠠ ᠶᠢ ᠪᠠᠭᠳᠠᠭᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠨ᠂ ᠬᠢᠨᠠᠨ ᠪᠣᠳᠣᠯᠲᠠ ᠶᠢᠨ ᠺᠠᠳ᠋ᠷᠴᠤᠳ ᠡᠷᠬᠡᠪᠰᠢ ᠨᠠᠮ ᠪᠠ ᠤᠯᠤᠰ | ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠂ ᠡᠨᠡ ᠨᠢ | ᠪᠢᠳᠡᠨ ᠢ ᠡᠷᠬᠡᠪᠰᠢ ᠤᠯᠤᠰ ᠲᠥᠷᠥ ᠶᠢᠨ ᠰᠢᠯᠢᠳᠡᠭ ᠵᠠᠩ ᠴᠢᠨᠠᠷ ᠲᠠᠢ ᠪᠠᠶᠢᠵᠤ᠂ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠪᠠ ᠤᠯᠤᠰ ᠣᠷᠣᠨ ᠤ | ᠠᠵᠢᠯ ᠦᠢᠯᠡᠰ ᠤᠨ ᠬᠥᠭᠵᠢᠯᠲᠡ ᠳᠤ ᠣᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠷᠡᠰ ᠪᠠᠲᠤ ᠢᠲᠡᠭᠡᠯ ᠬᠦᠰᠡᠯᠡᠩ ᠲᠠᠢ ᠪᠠᠶᠢᠬᠤ | ᠬᠡᠷᠡᠭᠲᠡᠶ᠃ ᠬᠠᠷᠢᠴᠠᠯᠠᠰᠢᠭᠦᠶ ᠪᠠᠷ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ | ᠬᠢᠨᠠᠨ ᠪᠣᠳᠣᠬᠤ ᠦᠢᠯᠡᠰ ᠲᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ᠠᠰᠠᠭᠤᠳᠠᠯ ᠢ ᠢᠯᠡᠴᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠢᠳᠬᠠᠯ | ᠳᠠᠭᠠᠨ ᠴᠢᠳᠠᠮᠠᠭᠠᠢ ᠪᠠᠶᠢᠬᠤ ᠪᠠᠷ ᠠᠮᠢᠳᠤᠷᠠᠬᠤᠢ ᠶᠢᠨ ᠬᠥᠭᠡᠭᠡᠴᠡᠯᠳᠦᠯ ᠪᠣᠯᠭᠠᠵᠤ᠂ ᠪᠡᠷᠬᠡ ᠰᠡᠳᠦᠪ ᠢ ᠰᠢᠢᠳᠪᠦᠷᠢᠯᠡᠬᠦ᠂ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠪᠠᠷ ᠬᠥᠮᠦᠨ ᠤ ᠠᠮᠢᠳᠤᠷᠠᠯ ᠤᠨ ᠦᠨ᠎ᠡ ᠴᠡᠨ᠎ᠡ ᠪᠣᠯᠭᠠᠬᠤ ᠬᠡᠷᠡᠭᠲᠡᠢ᠃ ᠪᠦᠬᠦ ᠲᠠᠯ᠎ᠠ ᠶᠢᠨ ᠴᠢᠩᠭ᠎ᠠ ᠦᠵᠡᠯ ᠤᠬᠠᠮᠰᠠᠷ ᠪᠠᠶᠢᠬᠤ ᠬᠡᠷᠡᠭᠲᠡᠶ᠃ | ᠬᠢᠨᠠᠨ ᠪᠣᠳᠣᠬᠤ ᠠᠵᠢᠯᠲᠠᠳ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠤᠯᠤᠰ ᠣᠷᠣᠨ ᠤ ᠵᠠᠰᠠᠯᠲᠠ ᠶᠢ ᠲᠡᠭᠦᠯᠳᠡᠷᠵᠢᠭᠦᠯᠦᠨ ᠠᠬᠢᠭᠤᠯᠬᠤ ᠪᠠ ᠠᠵᠤ | ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠣᠭᠰᠤᠴᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠠᠵᠢᠯ ᠢᠶᠠᠨ | ᠠᠳᠬᠤᠵᠣ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠶᠢᠨ ᠵᠥᠪᠯᠡᠭᠴᠢ ᠪᠣᠯᠬᠤ ᠬᠡᠷᠡᠭᠲᠡᠢ᠃ | ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠭᠡᠳᠡᠭ ᠢ ᠱᠠᠭᠠᠷᠳᠠᠵᠠᠢ᠃ ᠰᠢᠨ᠎ᠡ ᠪᠠᠶᠢᠳᠠᠯ ᠤᠨ ᠳᠣᠣᠷ᠎ᠠ᠂ ᠪᠢᠳᠡ ᠠᠵᠢᠯ ᠦᠢᠯᠡᠰ ᠢᠶᠠᠨ | ᠨᠡᠩ ᠢᠯᠡᠭᠦᠦ ᠬᠡᠴᠢᠶᠡᠨ ᠡᠷᠬᠢᠮᠯᠡᠨ᠂ ᠡᠭᠦᠷᠭᠡ ᠲᠤᠰᠢᠶᠠᠯ ᠢᠶᠠᠨ ᠨᠡᠩ ᠢᠯᠡᠭᠦᠦ ᠬᠡᠴᠢᠶᠡᠩᠭᠦᠶᠢᠯᠡᠨ ᠭᠦᠢᠴᠡᠳᠬᠡᠵᠦ᠂ ᠨᠡᠩ ᠢᠯᠡᠭᠦᠦ ᠣᠷᠭᠢᠯᠤᠮ᠎ᠠ ᠰᠡᠳᠬᠢᠯᠭᠡ ᠪᠠᠷ | ᠠᠵᠢᠯᠯᠠᠵᠤ᠂ ᠬᠤᠪᠢ ᠨᠡᠮᠡᠷᠢ ᠦᠵᠡᠭᠦᠯᠬᠦ ᠳᠤᠮᠳᠠ ᠬᠥᠮᠦᠨ ᠤ ᠠᠮᠢᠳᠤᠷᠠᠯ ᠤᠨ ᠦᠨ᠎ᠡ ᠴᠡᠨ᠎ᠡ ᠶᠢ ᠢᠯᠡᠷᠡᠭᠦᠯᠬᠦ ᠬᠡᠷᠡᠭᠲᠡᠢ᠃ | ﹇ᠯᠢᠦ ᠸᠧᠨ ᠯᠸᠢ﹈ | ᠬᠤᠶᠠᠷ ᠲᠤ ᠨᠠᠷᠢᠨ ᠨᠢᠮᠪᠠᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ | ᠬᠦᠨᠳᠦ᠂ ᠡᠭᠦᠷᠭᠡ ᠬᠠᠲᠠᠭᠤ ᠪᠡᠷᠬᠡ ᠪᠠᠶᠢᠳᠠᠭ ᠲᠤᠯᠠ᠂ ᠬᠢᠨᠠᠨ ᠪᠣᠳᠣᠭᠴᠢᠳ ᠡᠷᠬᠡᠪᠰᠢ ᠴᠠᠭᠠᠷᠠᠭᠰᠠᠨ ᠦᠨᠳᠦᠰᠦᠨ ᠮᠡᠳᠡᠯᠭᠡ ᠶᠢ ᠪᠦᠷᠢᠯᠳᠦᠭᠦᠯᠦᠭᠰᠡᠨ ᠪᠠᠶᠢᠬᠤ ᠶᠢ | ᠱᠠᠭᠠᠷᠳᠠᠨ᠎ᠠ᠃ ᠳᠠᠩᠰᠠ ᠪᠠᠶᠢᠴᠠᠭᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠦᠵᠡᠭᠳᠡᠯ ᠢ ᠲᠤᠩᠭᠠᠨ ᠮᠥᠨ ᠴᠢᠨᠠᠷ ᠢ ᠨᠢ ᠬᠠᠷᠠᠵᠤ ᠴᠢᠳᠠᠬᠤ ᠬᠡᠷᠡᠭᠲᠡᠢ︔ | ᠲᠤᠭ᠎ᠠ ᠪᠠᠷᠢᠮᠲᠠ ᠶᠢ ᠬᠢᠨᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠲᠤᠭ᠎ᠠ ᠪᠠᠷᠢᠮᠲᠠ ᠪᠠᠷ ᠳᠠᠮᠵᠢᠭᠤᠯᠤᠨ ᠵᠢᠮ᠎ᠡ ᠶᠣᠰᠣ ᠶᠢ ᠡᠷᠢᠵᠦ ᠴᠢᠳᠠᠬᠤ ᠬᠡᠷᠡᠭᠲᠡᠢ︔ | ᠡᠳ᠋ ᠤᠨ ᠶᠠᠪᠤᠳᠠᠯ ᠳᠤ ᠨᠡᠪᠲᠡᠷᠡᠬᠦ ᠪᠠᠷ ᠪᠠᠷᠠᠬᠤ ᠦᠭᠡᠢ ᠨᠡᠩ ᠢᠯᠡᠭᠦᠦ ᠲᠥᠷᠥ ᠶᠢᠨ ᠪᠣᠳᠣᠯᠭ᠎ᠠ ᠶᠢ ᠰᠠᠶᠢᠨ ᠣᠶᠢᠯᠠᠭᠠᠬᠤ ᠬᠡᠷᠡᠭᠲᠡᠢ︔ ᠠᠰᠠᠭᠤᠳᠠᠯ ᠢ ᠣᠯᠵᠤ ᠮᠡᠳᠡᠵᠦ | ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠠᠰᠠᠭᠤᠳᠠᠯ ᠰᠢᠢᠳᠪᠦᠷᠢᠯᠡᠬᠦ ᠳᠤ ᠴᠢᠳᠠᠮᠠᠭᠠᠢ ᠪᠠᠶᠢᠬᠤ | ᠬᠡᠷᠡᠭᠲᠡᠢ︔ ︽ᠠᠵᠢᠯ ᠳᠠᠭᠠᠨ ᠴᠠᠭᠠᠷᠠᠬᠤ︾ ᠪᠠᠷ ᠪᠠᠷᠠᠬᠤ ᠦᠭᠡᠢ ᠨᠡᠩ ᠢᠯᠡᠭᠦᠦ ︽ᠣᠯᠠᠨ ᠴᠢᠳᠠᠪᠤᠷᠢ︾ ᠲᠠᠢ ᠪᠠᠶᠢᠬᠤ ᠬᠡᠷᠡᠭᠲᠡᠢ᠃ | ᠭᠤᠷᠪᠠ ᠳᠤ ᠡᠷᠡᠰ ᠴᠢᠩᠭ᠎ᠠ ᠰᠠᠬᠢᠯᠭ᠎ᠠ ᠰᠤᠷᠲᠠᠯ ᠢ ᠪᠣᠢ ᠪᠣᠯᠭᠠᠨ᠎ᠠ᠃ ᠣᠳᠣᠬᠠᠨ ᠳᠤ᠂ ᠪᠦᠬᠦ ᠣᠷᠣᠨ ᠤ ᠭᠤᠷᠪᠠᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ | ᠬᠢᠨᠠᠨ ᠪᠣᠳᠣᠬᠤ ᠡᠩᠨᠡᠭᠡᠨ ᠤ ᠶᠡᠷᠦᠩᠬᠡᠶ ᠪᠠᠶᠢᠳᠠᠯ ᠨᠢ ᠰᠠᠶᠢᠨ ᠪᠠᠶᠢᠨ᠎ᠠ᠂ ᠭᠡᠪᠡᠴᠦ ᠨᠠᠮ ᠪᠣᠯᠣᠨ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠵᠦᠷᠢᠶ᠎ᠡ ᠲᠠᠢ ᠪᠠᠶᠢᠨ᠎ᠠ᠂ | ᠪᠢᠳᠡᠨᠠᠷ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠥᠲᠦᠭᠡᠯ ᠢ ᠦᠨᠡᠨ ᠬᠦ ᠪᠠᠬᠢᠵᠢᠭᠦᠯᠵᠦ᠂ ︽ᠭᠤᠷᠪᠠᠨ | ᠴᠢᠩᠭ᠎ᠠ ᠭᠤᠷᠪᠠᠨ ᠪᠣᠳᠠᠲᠠᠶ︾ ᠶᠢᠨ ᠱᠠᠭᠠᠷᠳᠠᠯᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠪᠣᠰᠤᠳ ᠢ | ᠵᠠᠰᠠᠬᠤ ᠠᠴᠠ ᠡᠮᠦᠨ᠎ᠡ ᠥᠪᠡᠷ ᠢ ᠪᠠᠨ ᠵᠠᠰᠠᠵᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ᠂ ᠡᠳ᠋ ᠤᠨ ᠵᠠᠰᠠᠭ | ᠠᠵᠤ ᠠᠬᠤᠶ ᠶᠢᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮ ᠤᠨ | ᠳᠣᠲᠣᠭᠠᠳᠤᠬᠢ ᠠᠮᠢᠳᠤᠷᠠᠯ ᠤᠨ ᠳᠦᠷᠢᠮ ᠢ ᠴᠢᠩᠭᠠᠳᠬᠠᠵᠤ᠂ ᠨᠠᠮ ᠤᠨ ᠳᠤᠳᠤᠭᠠᠳᠤᠬᠢ ᠠᠮᠢᠳᠤᠷᠠᠯ ᠤᠨ ᠪᠣᠯᠬᠢᠴᠢᠯᠠᠭᠰᠠᠨ᠂ ᠴᠡᠩᠬᠡᠯᠳᠤᠭᠰᠡᠨ᠂ ᠬᠡᠯᠪᠡᠷᠢᠴᠢᠯᠡᠭᠰᠡᠨ᠂ | ᠥᠡᠭᠭᠡᠪᠴᠢᠯᠡᠭᠰᠡᠨ ᠬᠡᠯᠪᠡᠷᠢᠯ ᠢ ᠡᠷᠡᠰ ᠡᠰᠡᠷᠭᠦᠴᠡᠵᠦ᠂ ᠨᠠᠮ ᠤᠨ ᠳᠣᠲᠣᠭᠠᠳᠤᠬᠢ ᠠᠮᠢᠳᠤᠷᠠᠯ ᠢ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠶᠢ | ᠪᠡᠶᠡᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠠᠬᠢᠯᠭ᠎ᠠ ᠪᠠᠲᠤ ᠪᠣᠯ ᠬᠢᠨᠠᠨ ᠪᠣᠳᠣᠬᠤ ᠠᠵᠢᠯ ᠤᠨ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠮᠦᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠨᠠᠢᠮᠠ ᠶᠢ | ᠵᠦᠪᠰᠢᠶᠡᠷᠡᠬᠦ ᠦᠭᠡᠢ︾ ᠬᠢᠨᠠᠨ ᠪᠣᠳᠣᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠬᠥᠮᠦᠨ ᠪᠣᠯᠵᠤ᠂ ᠠᠵᠢᠯ ᠦᠢᠯᠡᠰ ᠢ ᠰᠢᠳᠤᠷᠭᠤ ᠰᠢᠭᠤᠷᠬᠠᠢ | ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠰᠠᠬᠢᠯᠭ᠎ᠠ ᠪᠠᠲᠤ ᠵᠦᠷᠢᠴᠡᠭᠰᠡᠳ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ | ᠬᠠᠷᠢᠭᠤᠴᠠᠯᠭ᠎ᠠ ᠠᠰᠠᠭᠤᠬᠤ ᠬᠡᠷᠡᠭᠲᠡᠢ᠃ ︽ᠬᠠᠷᠢᠭᠤᠴᠠᠯᠭ᠎ᠠ ᠲᠠᠢ᠂ ᠦᠨᠡᠨᠴᠢ ᠰᠢᠳᠤᠷᠭᠤ᠂ ᠴᠢᠭᠡᠴᠢ ᠪᠠᠶᠢᠬᠤ ᠪᠠ ᠬᠠᠤᠯᠢ ᠶᠣᠰᠣ ᠶᠢ ᠵᠢᠷᠤᠮᠯᠠᠬᠤ᠂ ᠪᠡᠶ᠎ᠡ ᠪᠠᠨ | ᠳᠠᠭᠠᠭᠠᠬᠤ᠂ ᠬᠤᠪᠢ ᠨᠡᠮᠡᠷᠢ ᠦᠵᠡᠭᠦᠯᠬᠦ︾ ᠬᠢᠨᠠᠨ ᠪᠣᠳᠣᠭᠴᠢᠳ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠲᠤ ᠰᠠᠬᠢᠵᠤ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠨ᠂ ᠬᠠᠷᠠᠮ ᠦᠭᠡᠢ ᠵᠣᠷᠢᠭᠤᠯᠬᠤ ᠮᠥᠷᠲᠡᠭᠡᠨ ᠠᠶᠤᠬᠤ ᠵᠦᠢᠯ ᠦᠭᠡᠢ ᠪᠠᠶᠢᠵᠤ᠂ ︽ᠪᠣᠳᠠᠲᠤ᠂ ᠥᠨᠳᠥᠷ᠂ ᠰᠢᠨ᠎ᠡ᠂ ᠴᠢᠩᠭ᠎ᠠ᠂ ᠨᠠᠷᠢᠨ︾ ᠠᠵᠢᠯ ᠤᠨ | ᠰᠤᠷᠲᠠᠯ ᠢ ᠤᠯᠠᠮ ᠨᠢᠭᠡ ᠠᠯᠬᠤᠮ ᠪᠣᠢ ᠪᠣᠯᠭᠠᠵᠤ᠂ ︽ᠪᠣᠯᠬᠢ ᠠᠯᠵᠠᠭᠤ ᠵᠠᠳᠠᠭᠠᠢ︾᠂ ︽ᠣᠮᠣᠷᠬᠠᠭ ᠲᠠᠩᠬᠢᠯ ᠰᠦᠯᠳᠡ ᠦᠭᠡᠢ︾ ᠪᠠᠶᠢᠬᠤ ᠶᠢ ᠴᠢᠩᠭ᠎ᠠ ᠴᠡᠭᠡᠷᠯᠡᠵᠦ᠂ | ᠬᠠᠷᠢᠭᠤᠴᠠᠯᠭ᠎ᠠ ᠡᠭᠦᠷᠭᠡᠯᠡᠬᠦ ᠪᠠᠷ ᠵᠣᠷᠢᠭ ᠢᠶᠠᠨ ᠬᠥᠪᠴᠢᠯᠡᠵᠦ᠂ ᠶᠣᠰᠣ ᠮᠤᠷᠠᠯ ᠢᠶᠠᠷ ᠪᠡᠶ᠎ᠡ ᠪᠠᠨ ᠵᠠᠰᠠᠵᠤ᠂ ᠡᠷᠳᠡᠮ ᠴᠢᠳᠠᠪᠤᠷᠢ ᠪᠠᠷ ᠦᠢᠯᠡᠰ ᠴᠣᠭᠴᠠᠯᠠᠵᠤ᠂ ᠦᠢᠯᠡ | ᠠᠵᠢᠯᠯᠠᠭ᠎ᠠ ᠪᠠᠷ ᠢᠶᠠᠨ ᠢᠲᠡᠬᠡᠯ ᠢ ᠣᠯᠵᠤ᠂ ᠬᠢᠨᠠᠨ ᠪᠣᠳᠣᠯᠲᠠ ᠶᠢᠨ ︽ᠢᠯᠭᠤᠭᠰᠠᠨ ᠴᠡᠷᠢᠭ ᠠᠩᠭᠢ︾ ᠶᠢ ᠪᠣᠢ ᠪᠣᠯᠭᠠᠬᠤ ᠬᠡᠷᠡᠭᠲᠡᠢ᠃ | ﹇ᠬᠥᠲᠥᠯᠦᠭᠴᠢ﹈ | ᠲᠠᠶᠢᠮᠤ ᠡ᠂ ᠮᠠᠨ ᠳᠤ ᠡᠶᠢᠮᠦ ᠨᠢᠭᠡᠨ ᠬᠡᠪ ᠴᠢᠨᠠᠷ ᠡᠷᠳᠡᠮ ᠴᠢᠳᠠᠪᠤᠷᠢ ᠬᠤᠣᠰᠯᠠᠭᠰᠠᠨ ︽ᠢᠯᠭᠤᠭᠰᠠᠨ ᠴᠡᠷᠢᠭ ᠠᠩᠭᠢ︾ ᠪᠠᠶᠢᠬᠤ ᠲᠣᠯᠠ ᠢᠯᠵᠠᠷᠠᠯ ᠢ | ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠦᠷ ᠬᠡᠷᠡᠮ ᠪᠣᠯᠣᠳ ᠬᠠᠨ᠎ᠠ ᠶᠢ ᠯᠠᠪᠲᠠᠢ ᠴᠤᠭᠴᠠᠯᠠᠵᠤ᠂ ᠰᠢᠨ᠎ᠡ ᠬᠡᠪ ᠪᠠᠶᠢᠳᠠᠯ ᠳᠣᠣᠷ᠎ᠠ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠳᠡᠭ ᠢ ᠢᠲᠡᠭᠡᠵᠦ ᠪᠠᠶᠢᠨ᠎ᠠ︕ ᠵᠠ ᠰᠠᠶᠢᠨ ᠪᠣᠯᠣᠯ᠎ᠠ᠂ ᠯᠢᠦ | ᠶᠡᠷᠦᠩᠬᠡᠶ ᠬᠢᠨᠠᠨ ᠪᠣᠳᠣᠭᠴᠢ ᠶᠢᠨ ᠲᠠᠶᠢᠯᠪᠤᠷᠢᠯᠠᠯᠳᠠ ᠬᠢᠭᠰᠡᠨ ᠳᠤ ᠲᠠᠯᠠᠷᠬᠠᠵᠦ ᠪᠠᠶᠢᠨ᠎ᠠ᠃ ᠮᠦᠨᠴᠤ ᠰᠦᠯᠵᠢᠶᠡᠨ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠦ | ᠪᠠᠶᠢᠨ᠎ᠠ᠃ ᠡᠨᠡ ᠤᠳᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ ︕ |