ᠬᠥᠬᠡᠨᠠᠭᠤᠷ ᠮᠤᠵᠢ ᠶᠢᠨ ᠬᠠᠢ ᠰᠢ ᠵᠸᠤ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠢᠨᠭᠡᠷ ᠰᠢᠶᠠᠨ ᠳᠤ ᠭᠦᠨᠵᠡᠭᠡᠶᠢᠷᠡᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2015/10/26
      10 ᠳ᠋ᠤᠭᠠᠷ ᠰᠠᠷ᠎ᠠ ᠶᠢᠨ 21᠎ ᠤ ᠡᠳᠦᠷ᠂ ᠬᠥᠬᠡᠨᠠᠭᠤᠷ ᠮᠤᠵᠢ ᠶᠢᠨ ᠬᠠᠢ ᠰᠢ ᠵᠸᠣ ᠶᠢᠨ ᠳᠠᠷᠤᠭ᠎ᠠ  ᠨᠦᠸᠧ ᠸᠧᠢ ᠰᠢᠩ ᠨᠠᠷ ᠬᠤᠷᠢᠨᠭᠡᠷ ᠰᠢᠶᠠᠨ ᠢᠶᠠᠷ ᠭᠦᠨᠵᠡᠭᠡᠶᠢᠷᠡᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠤᠷᠢᠳ ᠬᠤᠵᠢᠳ ᠱᠧᠩᠯᠧ ᠪᠠᠯᠭᠠᠰᠤ ᠶᠢᠨ ᠨᠣᠮᠤᠴᠢᠲᠠᠢ ᠲᠤᠰᠬᠤᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠠᠶᠢᠴᠢᠳ  ᠲᠤᠰᠬᠤᠨ᠂ ᠱᠠᠩ ᠲᠤ ᠴᠧᠩ ᠲᠤᠰᠬᠤᠨ ᠳᠤ ᠭᠦᠨᠵᠡᠭᠡᠶᠢᠷᠡᠨ ᠲᠣᠬᠠᠢ ᠶᠢᠨ ᠭᠠᠵᠠᠷ ᠎ ᠲᠤᠨᠢ ᠪᠠᠶᠢᠴᠠᠭᠠᠨ ᠰᠤᠳᠤᠯᠤᠯᠲᠠ ᠬᠢᠪᠡ᠃ ᠬᠥᠷᠦᠭᠰᠨᠨ ᠭᠠᠵᠠᠷ ᠪᠣᠯᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠥᠮ ᠨᠢᠭᠡ ᠲᠠᠯ᠎ᠠ ᠎ ᠪᠠᠷ ᠲᠤᠭᠤᠷᠢᠨ ᠦᠵᠡᠵᠦ ᠨᠥᠬᠦᠭᠡ ᠲᠠᠯ᠎ᠠ ᠪᠠᠷ ᠲᠠᠨᠢᠯᠴᠠᠭᠤᠯᠭ᠎ᠠ ᠬᠢᠬᠦ ᠶᠢ ᠨᠠᠷᠢᠨ ᠬᠢᠨᠠᠮᠠᠭᠠᠢ ᠰᠣᠨᠣᠰᠴᠤ᠂  ᠡᠯ᠎ᠡ ᠲᠤᠰᠬᠤᠨ ᠤ ᠪᠠᠶᠢᠳᠠᠯ ᠳᠦᠷᠬᠦ᠂ ᠵᠡᠭᠡᠯᠢ ᠭᠤᠳᠤᠮᠵᠢ ᠶᠢᠨ ᠬᠠᠲᠠᠭᠤᠷᠠᠯᠲᠠ᠂ ᠨᠤᠷᠠᠬᠤ ᠠᠶᠤᠯᠲᠠᠢ ᠭᠡᠷ ᠪᠠᠶᠢᠰᠢᠩ ᠤᠨ ᠥᠭᠡᠷᠡᠴᠢᠯᠡᠨ ᠵᠠᠰᠠᠯᠲᠠ᠂ ᠪᠠᠷᠢᠮᠵᠢᠶᠠᠴᠢᠯᠠᠭᠰᠠᠨ ᠡᠷᠡᠭᠦᠯ ᠬᠠᠮᠠᠭᠠᠯᠠᠯ ᠤᠨ ᠲᠠᠰᠤᠭ᠂ ᠰᠤᠶᠤᠯ ᠤᠨ ᠬᠥᠳᠡᠯᠭᠡᠭᠡᠨ ᠤ ᠲᠠᠰᠤᠭ ᠵᠡᠷᠭᠡ ᠶᠢ ᠲᠤᠭᠤᠷᠢᠨ ᠦᠵᠡᠵᠦ᠂ ᠢᠨᠵᠧᠨᠧᠷᠢᠩ ᠢ ᠬᠡᠷᠡᠭᠵᠢᠭᠦᠯᠦᠭᠰᠡᠨ ᠶᠠᠪᠤᠴᠠ ᠳᠠᠬᠢ ᠨᠡᠶᠢᠲᠡᠯᠢᠭ ᠲᠤᠷᠰᠢᠯᠭ᠎ᠠ ᠪᠣᠯᠣᠨ ᠠᠷᠭ᠎ᠠ ᠶᠢ ᠨᠠᠷᠢᠨ ᠣᠶᠢᠯᠠᠭᠠᠪᠠ᠃ ᠲᠣᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ᠬᠥᠳᠡᠭᠡ ᠲᠤᠰᠬᠤᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠲᠤ ᠦᠨᠳᠦᠷ ᠦᠨᠡᠯᠡᠯᠲᠡ ᠥᠭᠴᠡᠢ᠃      ᠳᠠᠷᠠᠭ᠎ᠠ ᠪᠠᠷ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠱᠧᠩᠯᠧ ᠮᠦᠽᠧᠶ ᠶᠢ ᠲᠣᠭᠤᠷᠢᠨ ᠦᠵᠡᠪᠡ᠃      ᠬᠥᠬᠡᠬᠤᠲᠠ ᠶᠢᠨ ᠳᠡᠳ᠋ ᠳᠠᠷᠤᠭ᠎ᠠ ᠸᠠᠩ ᠾᠧᠩ ᠵᠢᠶᠦ᠋ᠨ᠂ ᠰᠢᠶᠠᠨ ᠤ ᠳᠡᠳ᠋ ᠳᠠᠷᠤᠭ᠎ᠠ ᠯᠢ ᠶᠣᠣ ᠲᠢᠩ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠤᠨ ᠬᠠᠷᠢᠭᠤᠴᠠᠯᠭᠠᠲᠠᠳ ᠪᠠᠷ᠎ᠠ ᠪᠣᠯᠵᠤ  ᠪᠠᠶᠢᠴᠠᠭᠠᠨ ᠰᠤᠳᠤᠯᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号