ᠰᠢᠯᠢ ᠶᠢᠨ ᠭᠤᠣᠯ ᠠᠶᠢᠮᠠᠭ 2015 ᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 1600 ᠲᠦᠮᠡᠨ ᠲᠥᠭᠦᠷᠢᠭ ᠪᠠᠭᠤᠯᠭᠠᠨ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠢ ᠳᠡᠮᠵᠢᠪᠡ
ᠨᠡᠶᠢᠲᠡᠯᠡᠭᠰᠡᠨ ᠴᠠᠭ᠄
2015/10/26
     ᠡᠪᠦᠯ ᠤᠨ ᠤᠯᠠᠷᠢᠯ ᠤᠨ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠢ ᠰᠡᠷᠭᠦᠭᠡᠬᠦ ᠠᠵᠢᠯ ᠢ ᠰᠠᠶᠢᠳᠤᠷ ᠬᠢᠬᠦ ᠶᠢᠨ ᠲᠤᠰᠠᠳᠠ᠂ ᠰᠢᠯᠢ ᠶᠢᠨ ᠭᠤᠣᠯ ᠠᠶᠢᠮᠠᠭ 2015 ᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 1600 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ᠄ ᠰᠦᠨᠢᠳ ᠪᠠᠷᠠᠭᠤᠨ ᠬᠤᠰᠢᠭᠤᠨ ᠳᠤ 450 ᠲᠦᠮᠡᠨ ᠲᠥᠭᠦᠷᠢᠭ᠂ ᠰᠥᠨᠢᠳ ᠵᠡᠭᠦᠨ  ᠬᠤᠰᠢᠭᠤᠨ ᠳᠤ 200 ᠲᠦᠮᠡᠨ ᠲᠥᠭᠦᠷᠢᠭ᠂ ᠬᠥᠪᠡᠭᠡᠲᠦ ᠰᠢᠷ᠎ᠠ ᠬᠤᠰᠢᠭᠤᠨ ᠳᠤ 400 ᠲᠦᠮᠡᠨ ᠲᠥᠭᠦᠷᠢᠭ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ 150 ᠲᠦᠮᠡᠨ ᠲᠥᠭᠦᠷᠢᠭ᠂ ᠲᠠᠶᠢᠪᠤᠰᠧ ᠬᠤᠰᠢᠭᠤᠨ ᠳᠤ 100 ᠲᠦᠮᠡᠨ ᠲᠥᠭᠦᠷᠢᠭ᠂ ᠰᠢᠯᠤᠭᠤᠨ ᠬᠥᠬᠡ ᠬᠤᠰᠢᠭᠤᠨ ᠳᠤ 200 ᠲᠦᠮᠡᠨ ᠲᠥᠭᠦᠷᠢᠭ᠂ ᠠᠪᠠᠭ᠎ᠠ ᠬᠤᠰᠢᠭᠤᠨ ᠳᠤ 100 ᠲᠦᠮᠡᠨ ᠲᠥᠭᠦᠷᠢᠭ ᠪᠠᠭᠤᠯᠭᠠᠪᠠ᠃ ᠡᠨᠡᠬᠦ ᠲᠥᠷᠥᠯ ᠵᠦᠢᠯ ᠤᠨ ᠪᠡᠯᠡ ᠮᠥᠩᠭᠦ ᠶᠢ ᠭᠠᠮᠰᠢᠭᠳᠠᠭᠰᠠᠨ ᠮᠠᠯᠴᠢᠨ ᠲᠠᠷᠢᠶᠠᠴᠢᠳ ᠤᠨ ᠲᠡᠵᠢᠭᠡᠯ ᠪᠣᠷᠳᠤᠭ᠎ᠠ ᠶᠢᠨ ᠨᠥᠭᠡᠴᠡ ᠳᠤ ᠵᠣᠬᠢᠰᠲᠠᠢ ᠲᠤᠰᠠᠯᠠᠬᠤ ᠵᠡᠷᠭᠡ ᠳᠤ ᠲᠤᠰᠬᠠᠢ ᠵᠦᠢᠯ ᠢᠶᠠᠷ ᠬᠡᠷᠡᠭᠯᠡᠨ᠎ᠡ᠃ ᠡᠭᠦᠨ ᠤ ᠬᠠᠮᠲᠤ ᠬᠤᠯᠪᠣᠭᠳᠠᠯ ᠪᠦᠬᠦᠢ ᠬᠤᠰᠢᠭᠤ ᠰᠢᠶᠠᠨ ᠨᠦᠭᠦᠳ ᠢ ︽ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠬᠠᠮᠰᠢᠭ ᠠᠴᠠ ᠠᠪᠤᠷᠠᠬᠤ ᠬᠠᠮᠢᠶᠠᠷᠤᠯᠲᠠ ᠵᠨ ᠠᠷᠭ᠎ᠠ︾ ︵ᠥᠪᠥᠷ ᠡᠳ᠋ ᠲᠠᠷᠢᠶᠠᠯᠠᠩ  ﹇2013﹈ 1677 ᠳ᠋ᠤᠭᠠᠷ ᠲᠣᠭᠠᠲᠤ︶᠎ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠡᠨᠡᠬᠦ ᠵᠦᠢᠯ ᠤᠨ ᠪᠡᠯᠡ ᠮᠥᠩᠭᠦ ᠶᠢ ᠰᠠᠶᠢᠳᠤᠷ ᠬᠠᠮᠢᠶᠠᠷᠤᠨ ᠬᠡᠷᠡᠭᠯᠡᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号