ᠲᠦᠩᠯᠢᠶᠣᠤ ᠬᠤᠲᠠ ︽ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ︾᠎ ᠢᠶᠠᠷ  ᠮᠠᠯᠴᠢᠨ ᠲᠠᠷᠢᠶᠠᠴᠢᠳ ᠢ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠬᠦᠯᠬᠦ ᠶᠢ ᠳᠡᠮᠵᠢᠵᠤ ᠪᠤᠢ
ᠨᠡᠶᠢᠲᠡᠯᠡᠭᠰᠡᠨ ᠴᠠᠭ᠄
2015/10/27
      ᠵᠢᠯ ᠤᠨ ᠡᠬᠢᠨ ᠠᠴᠠ ᠨᠠᠰᠢ᠂ ᠲᠦᠩᠯᠢᠶᠣᠤ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠨᠢ ᠮᠤᠵᠢ ᠶᠢᠨ ᠱᠠᠲᠤᠨ ᠤ ᠤᠳᠤᠷᠢᠳᠬᠤ ᠺᠠᠲᠠᠷ ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ ᠬᠤᠲᠠ ᠶᠢᠨ ᠱᠠᠲᠤᠨ ᠤ ᠤᠳᠤᠷᠢᠳᠤᠯᠭ᠎ᠠ ᠭᠤᠣᠯᠳᠠᠯᠭ᠎ᠠ ᠪᠤᠯᠬᠤ ᠶᠠᠳᠠᠭᠤ ᠬᠦᠴᠢᠷᠳᠡᠯᠲᠠᠢ ᠰᠤᠮᠤ ᠪᠠᠯᠭᠠᠰᠤ ᠯᠤᠭ᠎ᠠ ᠬᠠᠷᠢᠴᠠᠬᠤ ᠪᠠᠷ ᠠᠵᠠ ᠲᠣᠬᠢᠶᠠᠯ ᠪᠣᠯᠭᠠᠨ᠂ ︽ᠲᠦᠩᠯᠢᠶᠣᠤ ᠬᠤᠲᠠ ᠶᠢᠨ 2015 ᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ︾᠎ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠣᠭᠲᠠᠴᠠ ᠳᠤ ᠲᠠᠰᠤᠷᠠᠯᠲᠠ ᠦᠭᠡᠶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠤ᠂ ︽ᠮᠥᠩᠭᠦᠨ ᠬᠦᠢᠯᠬᠡᠬᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ︾ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠮᠥᠩᠭᠦᠨ ᠬᠦᠢᠯᠭᠡᠭᠡᠨ ᠤ ᠦᠶ᠋ᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠤ ᠪᠤᠢ᠃ ᠣᠳᠣ ᠪᠣᠯᠲᠠᠯ᠎ᠠ᠂ ᠲᠦᠡᠭᠯᠢᠶᠤᠤ ᠬᠤᠲᠠ ᠮᠥᠩᠭᠦᠨ  ᠬᠦᠢᠯᠭᠡᠭᠡ ᠪᠠᠷ ᠶᠠᠳᠠᠭᠤ ᠶᠢ ᠲᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ ᠶᠢ ᠨᠡᠶᠢᠲᠡ 19.59 ᠳ᠋ᠦᠡᠭᠰᠢᠭᠤᠷ ᠲᠥᠭᠦᠷᠢᠭ᠂ 31468 ᠡᠷᠦᠬᠡ ᠳᠤ ᠲᠠᠯᠪᠢᠪᠠ᠃ ᠡᠭᠦᠨ ᠳᠤ᠂ 2015 ᠣᠨ ᠤ ᠳᠡᠭᠡᠳᠦ ᠬᠠᠭᠠᠰ ᠵᠢᠯ ᠳᠤ ᠮᠥᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ 7.45 ᠳ᠋ᠦᠡᠭᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ 5.5 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠬᠤ ᠡᠭᠦᠷᠭᠡ ᠪᠠᠨ 135%᠎ ᠪᠠᠷ ᠪᠡᠶᠡᠯᠡᠭᠦᠯᠵᠦ᠂ ᠲᠤᠰ ᠱᠠᠲᠤᠨ ᠤ 8.8 ᠳ᠋ᠦᠡᠭᠰᠢᠭᠤᠷ ᠲᠦᠭᠦᠷᠢᠭ ᠤᠨ ᠬᠠᠷᠠᠯᠲᠠ ᠶᠢᠨ 88%᠎ ᠶᠢ ᠪᠡᠶᠡᠯᠡᠭᠦᠯᠵᠠᠢ᠃ ᠡᠭᠦᠨ ᠳᠤ᠄ ︽ᠠᠯᠲᠠᠨ ᠲᠦᠷᠦᠭᠦᠦ ᠲᠠᠷᠢᠶᠠᠴᠢᠨ ᠢ ᠪᠠᠶᠠᠵᠢᠭᠤᠯᠬᠤ ᠵᠢᠭᠡᠯᠡᠯᠭᠡ︾ ᠎ ᠶᠢᠨ 6.38 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ︽ᠠᠯᠲᠠᠨ ᠲᠦᠷᠦᠬᠦᠦ ᠲᠠᠷᠢᠶᠠᠯᠠᠩ ᠢ ᠬᠦᠴᠦᠷᠭᠡᠭᠵᠢᠬᠦᠯᠬᠦ ᠵᠢᠭᠡᠯᠡᠯᠭᠡ︾ ᠎ ᠶᠢᠨ 1.07 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠵᠢᠯ ᠤᠨ ᠡᠭᠦᠷᠭᠡ ᠪᠠᠨ ᠬᠠᠭᠠᠰ ᠵᠢᠯ ᠤᠨ ᠡᠮᠦᠨ᠎ᠡ ᠤᠷᠢᠳᠴᠢᠯᠠᠨ ᠪᠡᠶᠡᠯᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠴᠠ ᠶᠢ ᠲᠦᠷᠭᠡᠳᠭᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号