︽ᠠᠩᠬᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ — ᠲᠤᠮᠳᠠᠳᠤ ᠮᠤᠩᠭᠤᠯ ᠤᠨ ᠪᠠᠯᠠ ᠤᠷᠤᠭᠤᠯᠤᠯᠳᠠ ᠶᠢᠨ ᠤᠷᠴᠢᠨ ᠲᠤᠭᠤᠷᠢᠨ ᠬᠢᠬᠡᠳ ᠭᠤᠤᠯᠳᠠᠯᠭ᠎ᠠ ᠲᠠᠢ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ︾᠎ ᠳᠠᠬᠢ ᠰᠢᠯᠢ ᠶᠢᠨ ᠭᠤᠣᠯ ᠠᠶᠢᠮᠠᠭ ᠤᠨ ᠬᠤᠶᠠᠷ ᠲᠥᠷᠥᠯ ᠵᠦᠢᠯ
ᠨᠡᠶᠢᠲᠡᠯᠡᠭᠰᠡᠨ ᠴᠠᠭ᠄
2015/10/27
     10 ᠳ᠋ᠤᠭᠠᠷ ᠰᠠᠷ᠎ᠠ ᠶᠢᠨ 23᠎ ᠤ ᠦᠳᠡ ᠶᠢᠨ ᠬᠤᠶᠢᠨ᠎ᠠ᠂ ︽ᠠᠩᠬᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ — ᠲᠤᠮᠳᠠᠳᠤ ᠮᠤᠩᠭᠤᠯ ᠤᠨ ᠪᠠᠯᠠ ᠤᠷᠤᠭᠤᠯᠤᠯᠳᠠ ᠶᠢᠨ ᠤᠷᠴᠢᠨ ᠲᠤᠭᠤᠷᠢᠨ ᠬᠢᠬᠡᠳ ᠭᠤᠤᠯᠳᠠᠯᠭ᠎ᠠ ᠲᠠᠢ ᠲᠦᠷᠦᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ︾ ᠬᠥᠬᠡᠬᠤᠲᠠ ᠳᠤ ᠬᠤᠷᠠᠯᠳᠤᠪᠠ᠃ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠦᠪᠠᠷᠳᠡᠭᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠹᠦ᠋ ᠲᠠᠢ ᠽᠧᠩ᠂ ᠮᠤᠩᠭᠤᠯ ᠤᠯᠤᠰ ᠤᠨ ᠤᠯᠤᠰ ᠎ ᠤᠨ ᠶᠡᠭᠡ ᠬᠤᠷᠠᠯ ᠤᠨ ᠬᠡᠰᠢᠬᠦᠨ ᠰ᠊ · ᠪᠢᠮᠪᠠᠴᠤᠭᠳᠤ ᠬᠤᠷᠠᠯ ᠳᠤ ᠤᠷᠤᠯᠴᠠᠵᠦ ᠪᠠᠶᠠᠷ ᠤᠨ ᠦᠭᠡ ᠬᠡᠯᠡᠪᠡ᠃ ᠮᠤᠩᠭᠤᠯ ᠤᠯᠤᠰ ᠤᠨ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠣᠪᠴᠢᠶ᠎ᠡ ᠶᠢᠨ ᠳᠠᠷᠤᠭ᠎ᠠ ᠰ᠊᠂ ᠵᠢᠪᠬᠤᠯᠠᠩᠪᠠᠭᠠᠲᠤᠷ᠂ ᠦᠪᠠᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠭᠡᠷᠡᠴᠢᠯᠠᠯᠳᠠ ᠶᠢᠨ ᠵᠦᠪᠯᠠᠯ ᠤᠨ ᠡᠷᠬᠢᠯᠡᠭᠴᠢ ᠪᠣᠣ ᠮᠠᠨᠳᠠ ᠥᠪᠡᠷ ᠥᠪᠡᠷ ᠤᠨ ᠢᠶᠠᠨ ᠪᠠᠯᠠ ᠤᠷᠤᠭᠤᠯᠤᠯᠳᠠ ᠶᠢᠨ ᠤᠷᠴᠢᠨ ᠲᠤᠭᠤᠷᠢᠨ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠢ ᠲᠠᠨᠢᠯᠴᠠᠭᠤᠯᠪᠠ᠂ ᠳᠤᠮᠳᠠᠲᠤ ᠭᠠᠳᠠᠭᠠᠳᠤ ᠶᠢᠨ 220 ᠭᠠᠷᠤᠢ ᠡᠷᠬᠢᠮ ᠵᠣᠴᠢᠳ᠂ ᠠᠶᠢᠮᠠᠭ ᠤᠨ ᠳᠡᠳ᠋ ᠳᠠᠷᠤᠭ᠎ᠠ ᠬᠤᠣ ᠰᠢᠦ ᠴᠤᠸᠠᠨ ᠪᠣᠯᠣᠨ ᠰᠢᠯᠢ ᠶᠢᠨ ᠭᠤᠣᠯ ᠠᠶᠢᠮᠠᠭ ᠤᠨ ᠬᠤᠳᠠᠯᠳᠤᠭᠠᠴᠢᠨ ᠣᠷᠢᠬᠤ ᠲᠣᠪᠴᠢᠶ᠎ᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠲᠤᠰ ᠤᠳᠠᠭᠠᠨ ᠤ ᠬᠤᠷᠠᠯ ᠤᠨ ᠭᠤᠣᠯ ᠠᠭᠤᠯᠭ᠎ᠠ ᠨᠢ ᠬᠤᠷᠠᠯ ᠳᠤ ᠣᠷᠣᠯᠴᠠᠭᠰᠠᠨ ᠳᠤᠮᠳᠠᠲᠤ ᠭᠠᠳᠠᠭᠠᠳᠤ ᠶᠢᠨ ᠵᠤᠴᠢᠳ ᠬᠤᠳᠠᠯᠳᠤᠭᠠᠴᠢᠳ ᠪᠣᠯᠣᠨ ᠠᠵᠤ ᠠᠬᠤᠶᠢᠯᠠᠯᠲᠠᠳ ᠲᠤ ᠥᠪᠥᠷ ᠮᠣᠩᠭᠤᠯ ᠪᠣᠯᠣᠨ ᠮᠣᠩᠭᠤᠯ ᠤᠯᠤᠰ ᠤᠨ ᠨᠡᠯᠢᠶᠡᠳ ᠰᠠᠶᠢᠨ ᠪᠠᠯᠠ ᠤᠷᠤᠭᠤᠯᠤᠯᠳᠠ ᠶᠢᠨ ᠤᠷᠴᠢᠨ ᠲᠤᠭᠤᠷᠢᠨ ᠢ ᠤᠬᠠᠭᠤᠯᠵᠤ᠂ ᠬᠤᠶᠠᠷ ᠣᠷᠣᠨ ᠤ ᠭᠤᠣᠯᠳᠠᠯᠭ᠎ᠠ ᠲᠠᠢ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠲᠠᠨᠢᠯᠴᠠᠭᠤᠯᠤᠨ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠤᠳ ᠢ ᠲᠠᠲᠠᠨ ᠠᠪᠴᠢᠷᠠᠵᠤ ᠬᠤᠶᠠᠷ ᠣᠷᠣᠨ ᠳᠤ ᠪᠡᠯᠡ ᠣᠷᠤᠭᠤᠯᠤᠨ ᠦᠢᠯᠡᠰ ᠪᠣᠰᠬᠠᠬᠤ ᠪᠣᠯᠣᠨ᠎ᠠ᠃      ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠮᠣᠩᠭᠤᠯ ᠤᠨ ᠣᠯᠠᠨ ᠠᠵᠤ ᠠᠬᠤᠶᠢᠯᠠᠯ ᠤᠳ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ᠂ ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠮᠠᠯᠲᠠᠬᠤ ᠦᠢᠯᠡᠰ᠂ ᠲᠠᠷᠢᠶᠠᠯᠡᠭ ᠤᠨ ᠪᠥᠲᠦᠬᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠡᠭᠦᠯᠡᠨ ᠪᠣᠳᠣᠯᠲᠠ᠂ ᠠᠷᠠᠯᠵᠢᠶ᠎ᠡ ᠬᠤᠳᠠᠯᠳᠤᠭᠠᠨ ᠤ ᠡᠳ᠋ ᠪᠠᠷᠠᠭ᠎ᠠ ᠶᠢᠨ ᠭᠦᠢᠯᠭᠡᠭᠡ᠂ ᠵᠢᠭᠤᠯᠴᠢᠯᠠᠯ᠂ ᠰᠠᠭᠤᠷᠢ ᠪᠡᠯᠡᠳᠬᠡᠮᠵᠢ ᠵᠡᠷᠭᠡ ᠬᠦᠷᠢᠶᠡᠨ ᠳᠤ ᠬᠠᠮᠳᠤᠷᠠᠯᠴᠠᠬᠤ ᠰᠠᠨᠠᠮᠵᠢ ᠲᠣᠬᠢᠷᠠᠯᠴᠠᠵᠤ᠂ ᠵᠦᠪᠯᠡᠯᠴᠡᠭᠡᠷ ᠪᠠᠶᠢᠭᠤᠯᠤᠭᠰᠠᠨ ᠪᠡᠯᠡ ᠣᠷᠤᠭᠤᠯᠤᠯᠲᠠ ᠶᠢᠨ ᠲᠥᠷᠥᠯ ᠵᠦᠢᠯ ᠪᠣᠯᠣᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠵᠦᠪᠯᠡᠯᠴᠡᠭᠡᠷ 46 ᠵᠦᠢᠯ ᠪᠠᠶᠢᠵᠤ᠂ ᠵᠦᠪᠯᠡᠯᠴᠡᠭᠡᠷ ᠲᠣᠭᠲᠠᠭᠰᠠᠨ ᠶᠡᠷᠦᠩᠬᠡᠢ ᠪᠡᠯᠡ ᠮᠥᠡᠭᠭᠦ 570 ᠳ᠋ᠦᠡᠭᠰᠢᠭᠤᠷ ᠲᠥᠭᠦᠷᠢᠭ ᠣᠷᠴᠢᠮ ᠬᠦᠷᠴᠡᠢ᠃ ᠡᠭᠦᠨ ᠳᠤ᠂ ᠰᠢᠯᠢ ᠶᠢᠨ ᠭᠤᠣᠯ ᠠᠶᠢᠮᠠᠭ ᠤᠨ ᠬᠤᠶᠠᠷ ᠲᠥᠷᠥᠯ ᠵᠦᠢᠯ ᠠᠮᠵᠢᠯᠲᠠ ᠲᠠᠢ ᠵᠦᠪᠯᠡᠯᠴᠡᠭᠡᠷ ᠲᠣᠭᠲᠠᠵᠤ᠂ ᠵᠦᠪᠯᠡᠯᠴᠡᠭᠡᠷ ᠤᠨ ᠶᠡᠷᠦᠩᠬᠡᠢ ᠪᠡᠯᠡ ᠮᠥᠩᠭᠦ ᠨᠢ 1.1 ᠳ᠋ᠦᠩᠰᠢᠭᠤᠷ ᠲᠥᠭᠦᠷᠢᠭ ᠪᠠᠶᠢᠵᠤ᠂ ᠲᠤᠰ ᠲᠤᠰ ᠲᠤᠨᠢ ᠵᠡᠭᠦᠨ ᠦᠵᠦᠮᠦᠴᠢᠨ ᠬᠤᠰᠢᠭᠤᠨ ᠤ ᠭᠠᠳᠠᠪᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠎ ᠶᠢᠨ ᠬᠢᠵᠠᠭᠠᠷᠲᠤ ᠺᠣᠮᠫᠠᠨᠢ ᠬᠢᠭᠡᠳ ᠰᠥᠬᠡᠪᠠᠭᠠᠲᠤᠷ ᠮᠤᠵᠢ ᠶᠢᠨ ᠣᠩᠭᠤᠨᠴᠠᠭᠠᠨ ᠬᠢᠵᠠᠭᠠᠷᠲᠤ ᠺᠣᠮᠫᠠᠨᠢ ᠪᠡᠯᠴᠢᠭᠡᠷ ᠡᠪᠡᠰᠦ ᠶᠢ ᠡᠳ᠋ᠰᠢᠭᠦᠯᠬᠦ ᠵᠢᠴᠢ ᠭᠠᠳᠠᠭᠠᠳᠤ ᠠᠷᠠᠯᠵᠢᠶ᠎ᠡ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠪᠠ︔ ᠰᠢᠯᠢ ᠶᠢᠨ ᠭᠤᠣᠯ ᠤᠨ ᠣᠳᠣ ᠦᠶ᠎ᠡ ᠶᠢᠨ ᠡᠳ᠋ ᠪᠠᠷᠠᠭ᠎ᠠ ᠶᠢᠨ ᠭᠦᠢᠯᠭᠡᠭᠡ ᠶᠢᠨ ᠬᠦᠷᠢᠶᠡᠯᠡᠩ ᠲᠣᠭᠤᠷᠢᠭ ᠪᠣᠯᠣᠨ ᠳ᠋ᠠᠯᠢᠶᠠᠨ ᠤ ᠱᠧᠩ ᠯᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠸᠠᠷ ᠢ ᠮᠥᠷᠳᠡᠨ ᠬᠠᠭᠤᠷᠮᠠᠭ ᠢ ᠰᠡᠷᠭᠡᠶᠢᠯᠡᠬᠦ ᠰᠢᠰᠲ᠋ᠧᠮᠵᠢ ᠶᠢᠨ ᠲᠠᠪᠴᠠᠩ ᠤᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠪᠠ᠃       ᠳᠠᠷᠠᠭ᠎ᠠ ᠠᠯᠬᠤᠮ ᠳᠤ᠂ ᠮᠠᠨᠠᠶᠢᠬᠢᠨ ᠬᠤᠯᠪᠤᠭᠳᠠᠯ ᠪᠥᠬᠦᠢ ᠰᠠᠯᠠᠭ᠎ᠠ ᠮᠦᠴᠢᠷ ᠪᠣᠯᠣᠨ ᠭᠠᠵᠠᠷ ᠣᠷᠣᠨ ᠲᠠᠢ ᠨᠢᠭᠲᠠ ᠬᠠᠮᠵᠢᠯᠴᠠᠵᠤ᠂ ᠰᠠᠶᠢᠲᠤᠷ ᠵᠣᠬᠢᠴᠠᠭᠤᠯᠤᠨ ᠦᠢᠯᠡᠴᠢᠯᠡᠵᠦ᠂ ᠵᠦᠪᠯᠡᠯᠴᠡᠭᠡᠷ ᠲᠣᠭᠲᠠᠭᠰᠠᠨ ᠲᠥᠷᠥᠯ ᠵᠦᠢᠯ ᠢ ᠥᠳᠲᠡᠷ ᠲᠥᠷᠭᠡᠨ ᠬᠡᠷᠡᠭᠵᠢᠭᠦᠯᠵᠦ᠂ ᠡᠷᠲᠡᠬᠡᠨ ᠡᠬᠢᠯᠡᠭᠦᠯᠦᠨ ᠪᠥᠲᠦᠭᠡᠨ ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号