ᠣᠶᠢᠷ᠎ᠠ ᠳᠤ᠂ ᠬᠥᠬᠡᠬᠤᠲᠠ ᠶᠢᠨ ᠡᠳ᠋ ᠤᠨ ᠵᠠᠰᠠᠭ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ | ᠲᠤᠰᠠᠯᠠᠮᠵᠢ ᠶᠢᠨ ᠪᠡᠯᠡ ᠮᠥᠩᠭᠦ 457.3 ᠲᠦᠮᠡᠨ ᠲᠥᠭᠦᠷᠢᠭ ᠪᠠᠭᠤᠯᠭᠠᠨ᠂ ᠭᠤᠣᠯᠳᠠᠭᠤ ᠵᠡᠮᠳᠡᠭᠴᠦᠳ ᠤᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠡᠷᠡᠭᠦᠯᠵᠢᠯ ᠤᠨ ᠲᠤᠰᠠᠯᠠᠮᠵᠢ᠂ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠲᠤᠰᠠᠯᠠᠮᠵᠢ᠂ ᠰᠢᠲᠠᠭᠠᠯᠭ᠎ᠠ ᠶᠢᠨ ᠨᠥᠬᠦᠪᠥᠷᠢ᠂ ᠪᠠᠶᠢᠭᠤᠯᠤᠮᠵᠢ ᠶᠢᠨ ᠨᠥᠬᠦᠪᠥᠷᠢ᠂ ᠠᠵᠢᠯ ᠤᠨ | ᠨᠥᠬᠦᠪᠥᠷᠢ ᠵᠡᠷᠭᠡ ᠲᠠᠯ᠎ᠠ ᠶᠢᠨ ᠪᠠᠲᠤᠯᠠᠬᠤ ᠠᠷᠭ᠎ᠠ ᠬᠡᠮᠵᠢᠶ᠎ᠡ ᠳᠤ ᠵᠠᠷᠤᠴᠠᠭᠤᠯᠵᠤ᠂ ᠦᠢᠯᠡᠴᠢᠯᠡᠭᠡᠨ ᠤ | ᠪᠠᠶᠢᠭᠤᠯᠤᠮᠵᠢ ᠶᠢᠨ ᠵᠡᠮᠳᠡᠭᠴᠦᠳ ᠲᠤ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠵᠦ᠂ ᠵᠡᠮᠳᠡᠭᠴᠦᠳ ᠤᠨ | ᠦᠢᠯᠡᠰ ᠤᠨ ᠪᠦᠬᠦ ᠲᠠᠯ᠎ᠠ ᠪᠠᠷ ᠬᠥᠭᠵᠢᠬᠦ ᠶᠢ ᠲᠥᠯᠬᠢᠨ ᠠᠬᠢᠭᠤᠯᠬᠤ ᠪᠠᠷ ᠪᠤᠢ᠃ | ᠨᠢᠭᠡ ᠳᠤ᠂ ᠠᠵᠢᠯ ᠣᠯᠭᠤᠯᠲᠠ ᠶᠢ ᠨᠢ ᠬᠠᠯᠠᠮᠵᠢᠯᠠᠨ᠂ ᠵᠡᠮᠳᠡᠭᠴᠦᠳ ᠤᠨ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ ᠢ ᠳᠡᠮᠵᠢᠨ᠎ᠡ᠃ ᠵᠡᠮᠳᠡᠭᠴᠦᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠬᠢᠷᠢ ᠲᠥᠪᠰᠢᠨ ᠢ | ᠳᠡᠭᠡᠭᠰᠢᠯᠡᠭᠦᠯᠵᠦ᠂ ᠵᠡᠮᠳᠡᠭᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠨᠢ ᠪᠠᠲᠤᠯᠠᠬᠤ ᠶᠢᠨ | ᠲᠤᠰᠠᠳᠠ ᠡᠯ᠎ᠡ ᠭᠠᠵᠠᠷ ᠣᠷᠣᠨ ᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ | ᠥᠷᠨᠢᠭᠦᠯᠬᠦ ᠡᠭᠦᠷᠭᠡ ᠬᠠᠷᠠᠯᠲᠠ ᠶᠢᠨ ᠶᠣᠰᠤᠭᠠᠷ᠂ ᠠᠵᠢᠯ ᠣᠯᠭᠤᠬᠤ ᠪᠠ ᠶᠠᠳᠠᠭᠤ ᠶᠢ ᠲᠡᠳᠬᠦᠬᠦ 24 ᠲᠦᠮᠡᠨ | ᠲᠥᠭᠦᠷᠢᠭ ᠤᠨ ᠲᠤᠰᠠᠯᠠᠮᠵᠢ ᠪᠠᠭᠤᠯᠭᠠᠵᠤ᠂ ᠦᠯᠡᠮᠵᠢ ᠣᠯᠠᠨ ᠵᠡᠮᠳᠡᠭᠴᠦᠳ ᠪᠣᠯᠪᠠᠰᠤᠷᠠᠭᠤᠯᠤᠯ ᠪᠠᠷ ᠳᠠᠮᠵᠢᠭᠠᠳ | ᠨᠢᠭᠡ ᠵᠦᠢᠯ ᠤᠨ ᠮᠡᠷᠭᠡᠵᠢᠯ ᠢ ᠡᠵᠡᠮᠰᠢᠵᠦ᠂ ᠵᠡᠮᠳᠡᠭᠴᠦᠳ ᠤᠨ ᠪᠠᠶᠠᠵᠢᠵᠤ ᠣᠷᠣᠯᠭ᠎ᠠ ᠪᠠᠨ ᠨᠡᠮᠡᠭᠳᠡᠭᠦᠯᠬᠦ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠬᠤᠶᠠᠷ ᠲᠤ᠂ ᠡᠷᠡᠭᠦᠯ ᠮᠡᠨᠳᠦ ᠶᠢ ᠨᠢ ᠬᠠᠷᠠᠭᠠᠯᠵᠠᠵᠤ᠂ ᠵᠡᠮᠳᠡᠭᠴᠦᠳ ᠢ ᠡᠷᠡᠭᠦᠯᠵᠢᠭᠦᠯᠬᠦ ᠲᠤᠰᠠᠯᠠᠮᠵᠢ ᠶᠢᠨ | ᠵᠠᠷᠤᠳᠠᠯ ᠢ ᠲᠤᠭ᠎ᠠ ᠪᠦᠷᠢᠨ ᠲᠣᠬᠢᠷᠠᠭᠤᠯᠤᠨ᠎ᠠ᠃ ᠡᠷᠡᠭᠦᠯᠵᠢᠯ ᠤᠨ ᠲᠤᠰᠠᠯᠠᠮᠵᠢ ᠶᠢᠨ ᠮᠥᠩᠭᠦ 112.5 ᠲᠦᠮᠡᠨ | ᠲᠥᠭᠦᠷᠢᠭ ᠪᠠᠭᠤᠯᠭᠠᠵᠤ᠂ ᠡᠭᠦᠨ ᠳᠤ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠲᠤᠰᠠᠯᠠᠮᠵᠢ ᠶᠢᠨ ᠪᠡᠯᠡ | ᠮᠥᠩᠭᠦ 96.7 ᠲᠦᠮᠡᠨ ᠲᠥᠭᠦᠷᠢᠭ᠂ ᠪᠤᠰᠤᠳ ᠡᠷᠡᠭᠦᠯᠵᠢᠯ ᠤᠨ ᠲᠤᠰᠠᠯᠠᠮᠵᠢ ᠶᠢᠨ ᠮᠥᠩᠭᠦ 15.8 ᠲᠦᠮᠡᠨ | ᠲᠥᠭᠦᠷᠢᠭ ᠪᠠᠭᠤᠯᠭᠠᠨ᠎ᠠ᠃ | ᠭᠤᠷᠪᠠ ᠳᠤ ᠠᠮᠢᠳᠤᠷᠠᠯ ᠢ ᠨᠢ ᠬᠠᠯᠠᠮᠵᠢᠯᠠᠵᠤ᠂ ᠵᠡᠮᠳᠡᠭᠴᠦᠳ ᠤᠨ ᠭᠡᠷ ᠲᠡᠭᠡᠨ ᠨᠠᠶᠢᠳᠠᠨ ᠠᠰᠠᠷᠠᠭᠤᠯᠬᠤ ᠳᠤ | ᠨᠥᠬᠦᠪᠥᠷᠢ ᠥᠭᠭᠦᠨ᠎ᠡ᠃ ︽ᠭᠡᠷᠡᠯᠳᠦ ᠬᠦᠷᠢᠶᠡᠯᠡᠩ ᠲᠥᠯᠥᠪᠯᠡᠭᠡ︾ ᠶᠢᠨ ᠬᠥᠮᠦᠨ ᠪᠣᠯᠭᠠᠨ ᠵᠢᠯ ᠪᠦᠷᠢ 600 | ᠲᠥᠭᠦᠷᠢᠭ ᠤᠨ ᠭᠡᠷ ᠲᠡᠭᠡᠨ ᠨᠠᠶᠢᠳᠠᠨ ᠠᠰᠠᠷᠠᠭᠤᠯᠬᠤ ᠨᠥᠬᠦᠪᠥᠷᠢ ᠶᠢᠨ ᠪᠠᠷᠢᠮᠵᠢᠶ᠎ᠠ ᠪᠠᠷ᠂ 1200 ᠵᠡᠮᠳᠡᠭᠴᠦᠳ ᠲᠤ | ᠭᠡᠷ ᠲᠡᠭᠡᠨ ᠨᠠᠶᠢᠳᠠᠨ ᠠᠰᠠᠷᠠᠭᠤᠯᠬᠤ ᠲᠤᠰᠠᠯᠠᠮᠵᠢ ᠶᠢᠨ ᠮᠥᠩᠭᠦ 72 ᠲᠦᠮᠡᠨ ᠲᠦᠬᠦᠷᠢᠭ ᠣᠯᠭᠤᠨ᠎ᠠ᠃ | ᠳᠥᠷᠪᠡ ᠳᠤ᠂ ᠭᠠᠳᠠᠭᠰᠢ ᠭᠠᠷᠬᠤ ᠶᠢ ᠨᠢ ᠬᠠᠯᠠᠮᠵᠢᠯᠠᠵᠤ᠂ ᠬᠦᠷᠳᠦᠲᠦ ᠰᠠᠨᠳᠠᠯᠢᠲᠤ ᠮᠠᠰᠢᠨ ᠲᠡᠷᠭᠡᠨ ᠤ | ᠰᠢᠲᠠᠭᠠᠯᠭ᠎ᠠ ᠲᠣᠰᠣᠨ ᠤ ᠨᠥᠬᠦᠪᠥᠷᠢ ᠥᠭᠪᠡ᠃ ᠵᠡᠮᠳᠡᠭᠴᠦᠳ ᠤᠨ ᠭᠠᠳᠠᠭᠰᠢ ᠭᠠᠷᠬᠤ ᠳᠤ ᠳᠥᠭᠦᠮ | ᠦᠵᠡᠭᠦᠯᠬᠦ ᠶᠢᠨ ᠲᠥᠯᠥᠭᠡ᠂ ᠬᠦᠷᠳᠦᠲᠦ ᠰᠠᠨᠳᠠᠯᠢᠲᠤ ᠮᠠᠰᠢᠨ ᠲᠡᠷᠭᠡ ᠬᠤᠳᠠᠯᠳᠤᠵᠤ ᠠᠪᠣᠭᠰᠠᠨ ᠳᠤᠨᠢ | ᠰᠢᠲᠠᠭᠠᠯᠭ᠎ᠠ ᠶᠢᠨ ᠲᠤᠰᠤᠨ ᠤ ᠨᠥᠬᠦᠪᠥᠷᠢ ᠥᠭᠴᠦ᠂ ᠲᠡᠷᠭᠡ ᠪᠦᠷᠢ ᠳᠤ ᠵᠢᠯ ᠪᠦᠷᠢ 260 ᠲᠥᠭᠦᠷᠢᠭ ᠤᠨ | ᠪᠠᠷᠢᠮᠵᠢᠶ᠎ᠠ ᠪᠠᠷ᠂ ᠡᠯ᠎ᠡ ᠬᠤᠰᠢᠭᠤ ᠰᠢᠶᠠᠨ ᠲᠣᠭᠤᠷᠢᠭ ᠲᠤ 15 ᠲᠦᠮᠡᠨ ᠲᠥᠭᠦᠷᠢᠭ ᠤᠨ ᠰᠢᠲᠠᠭᠠᠯᠭ᠎ᠠ ᠲᠣᠰᠤᠨ ᠤ | ᠨᠥᠬᠦᠪᠦᠷᠢ ᠰᠠᠯᠭᠠᠨ ᠥᠭᠭᠦᠨ᠎ᠡ᠃ | ᠲᠠᠪᠤ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠵᠡᠮᠳᠡᠭ ᠬᠡᠦᠬᠡᠳ ᠡᠯᠰᠡᠬᠦ ᠶᠢ ᠵᠣᠷᠢᠭᠵᠢᠭᠤᠯᠤᠨ᠂ 1 | ᠵᠡᠮᠳᠡᠭ ᠬᠡᠤᠬᠡᠳ ᠡᠯᠰᠡᠪᠡᠯ 1000 ᠲᠥᠭᠦᠷᠢᠭ ᠤᠨ ᠨᠥᠬᠦᠪᠥᠷᠢ ᠣᠯᠭᠤᠬᠤ ᠪᠠᠷᠢᠮᠵᠢᠶ᠎ᠠ ᠪᠠᠷ 32 ᠲᠦᠮᠡᠨ | ᠲᠥᠭᠦᠷᠢᠭ ᠰᠠᠯᠭᠠᠨ ᠥᠭᠴᠦ᠂ ᠡᠯ᠎ᠡ ᠰᠤᠷᠭᠠᠭᠤᠯᠢ ᠶᠢᠨ ᠨᠠᠰᠤᠨ ᠠᠴᠠ ᠡᠮᠦᠨᠡᠬᠢ ᠵᠡᠮᠳᠡᠭ ᠬᠡᠤᠬᠡᠳ ᠤᠨ | ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠣᠯᠣᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠵᠣᠷᠢᠭᠵᠢᠭᠤᠯᠤᠨ᠎ᠠ᠃ | ᠵᠢᠷᠭᠤᠭ᠎ᠠ ᠳᠤ ᠬᠥᠳᠡᠭᠡ ᠲᠣᠰᠬᠤᠨ ᠤ ᠵᠡᠮᠳᠡᠭᠴᠦᠳ ᠤᠨ ᠠᠵᠢᠯ ᠢ ᠰᠠᠶᠢᠲᠤᠷ ᠬᠢᠨ᠎ᠡ᠃ ᠥᠪᠡᠷᠲᠡᠭᠡᠨ | ᠵᠠᠰᠠᠬᠤ ᠣᠷᠣᠨ ᠤ ᠬᠥᠮᠦᠨ ᠪᠣᠯᠭᠠᠨ ᠵᠢᠯ ᠪᠦᠷᠢ 1000 ᠲᠥᠬᠦᠷᠢᠭ᠂ ᠬᠤᠲᠠ ᠵᠨ ᠲᠤᠰ ᠱᠠᠲᠤᠨ ᠤ ᠬᠥᠮᠦᠨ | ᠪᠣᠯᠭᠠᠨ ᠵᠢᠯ ᠪᠦᠷᠢ 1000 ᠲᠥᠬᠦᠷᠢᠭ ᠤᠨ ᠪᠠᠷᠢᠮᠵᠢᠶ᠎ᠠ ᠪᠠᠷ ᠪᠦᠬᠦ ᠬᠤᠲᠠ ᠶᠢᠨ ᠬᠥᠳᠡᠭᠡ ᠲᠣᠰᠬᠤᠨ ᠤ 1009 | ᠨᠡᠷ᠎ᠡ ᠵᠡᠮᠳᠡᠭᠴᠦᠳ ᠤᠨ ᠲᠤᠰᠬᠠᠢ ᠲᠤᠰᠢᠶᠠᠯᠲᠤ ᠬᠡᠰᠢᠭᠦᠨ ᠳᠤ 201.8 ᠲᠦᠮᠡᠨ ᠲᠥᠬᠦᠷᠢᠭ ᠤᠨ ᠠᠵᠢᠯ ᠤᠨ | ᠵᠠᠷᠤᠳᠠᠯ ᠤᠨ ᠨᠥᠬᠦᠪᠦᠷᠢ ᠥᠭᠭᠦᠨ᠎ᠡ᠃ |