2015 ᠣᠨ ᠤ ᠲᠦᠷᠦᠭᠦᠦ ᠭᠤᠷᠪᠠᠨ ᠤᠯᠠᠷᠢᠯ ᠤᠨ ᠬᠥᠯᠥᠨ ᠪᠤᠶᠢᠷ ᠬᠤᠲᠠ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2015/10/27
     2015 ᠣᠨ ᠤ ᠲᠦᠷᠦᠭᠦᠦ ᠭᠤᠷᠪᠠᠨ ᠤᠯᠠᠷᠢᠯ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠪᠦᠬᠦ ᠲᠠᠯ᠎ᠠ ᠪᠠᠷ ᠬᠥᠭᠵᠢᠵᠦ᠂ ᠲᠠᠷᠢᠮᠠᠯ ᠤᠨ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠮᠠᠯ ᠠᠵᠤ ᠠᠬᠤᠢ ᠶᠢᠨ ᠬᠥᠭᠵᠢᠯᠲᠡ ᠦᠨᠳᠦᠰᠦᠨ ᠳᠡᠭᠡᠨ ᠲᠣᠭᠲᠠᠪᠤᠷᠢᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠬᠥᠭᠵᠢᠬᠦ ᠰᠠᠶᠢᠨ ᠪᠠᠶᠢᠳᠠᠯ ᠢᠶᠠᠷ ᠬᠠᠳᠠᠭᠠᠯᠠᠭᠰᠠᠭᠠᠷ ᠢᠷᠡᠪᠡ᠃ ᠭᠤᠷᠪᠠᠳᠤᠭᠠᠷ ᠤᠯᠠᠷᠢᠯ ᠳᠤ ᠪᠦᠬᠦ ᠬᠤᠲᠠ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠲᠡᠭ 173.39 ᠳ᠋ᠦᠩᠰᠢᠭᠤᠷ ᠲᠥᠭᠦᠷᠢᠭ ᠪᠡᠶᠡᠯᠡᠭᠦᠯᠵᠦ᠂  ᠠᠳᠠᠯᠢ ᠬᠤᠭᠤᠴᠠᠭᠠᠨ ᠤ ᠬᠢ ᠠᠴᠠ 3.2 ︵ᠠᠳᠠᠯᠢᠳᠬᠠᠵᠤ ᠪᠣᠯᠬᠤ ᠦᠨ᠎ᠡ ᠪᠠᠷ ᠪᠣᠳᠣᠪᠠ︶᠎ ᠪᠠᠷ ᠨᠡᠮᠡᠭᠳᠡᠪᠡ︔ ᠨᠡᠮᠡᠭᠳᠡᠯ ᠦᠷᠲᠡᠭ ᠨᠢ 98.19 ᠳ᠋ᠦᠩᠰᠢᠭᠤᠷ ᠲᠥᠭᠦᠷᠢᠭ ᠪᠠᠶᠢᠵᠤ᠂  ᠠᠳᠠᠯᠢ ᠬᠤᠭᠤᠴᠠᠭᠠᠨ ᠤ ᠬᠢ ᠠᠴᠠ 3.1% ︵ᠠᠳᠠᠯᠢᠳᠬᠠᠵᠤ ᠪᠣᠯᠬᠤ ᠦᠨ᠎ᠡ ᠪᠠᠷ ᠪᠣᠳᠣᠪᠠ︶᠎ ᠪᠠᠷ ᠨᠡᠮᠡᠭᠳᠡᠪᠡ᠃      ᠨᠢᠭᠡ᠂ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠨᠢ ᠪᠦᠬᠦ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠥᠷᠲᠡᠭ ᠲᠤ ᠮᠥᠨ ᠬᠦ ᠭᠤᠣᠯᠯᠠᠬᠤ ᠪᠠᠶᠢᠷᠢ ᠶᠢ ᠡᠵᠡᠯᠡᠪᠡ᠃ ᠲᠦᠷᠦᠭᠦᠦ ᠭᠤᠷᠪᠠᠨ ᠤᠯᠠᠷᠢᠯ ᠳᠤ ᠪᠦᠬᠦ ᠬᠤᠲᠠ ᠶᠢᠨ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ 121.85 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.94%᠎ ᠪᠠᠷ ᠨᠡᠮᠡᠭᠳᠡᠵᠦ᠂ ᠬᠤᠶᠠᠳᠤᠭᠠᠷ ᠤᠯᠠᠷᠢᠯ ᠳᠤ ᠭᠤᠣᠯᠯᠠᠬᠤ ᠪᠠᠶᠢᠷᠢ ᠪᠠᠨ ᠦᠷᠭᠦᠯᠵᠢᠯᠡᠵᠦ᠂ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠪᠦᠬᠦ ᠥᠷᠲᠡᠭ ᠤᠨ 70.3%᠎ ᠶᠢ ᠡᠵᠡᠯᠡᠪᠡ︔ ᠮᠠᠯ ᠠᠵᠤ ᠠᠬᠤᠢ ᠤᠨ ᠨᠡᠮᠡᠭᠳᠡᠯ ᠥᠷᠲᠡᠭ 63.59 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 13.4%᠎ ᠪᠠᠷ ᠨᠡᠮᠡᠭᠳᠡᠵᠦ᠂ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠦᠬᠦ ᠨᠡᠮᠡᠭᠳᠡᠯ ᠥᠷᠲᠡᠭ ᠤᠨ 64.8%᠎ ᠶᠢ ᠡᠵᠡᠯᠡᠪᠡ᠃ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠤᠨ ᠲᠦᠷᠭᠡᠨ ᠬᠥᠭᠵᠢᠯᠲᠡ ᠨᠢ ᠬᠥᠯᠥᠨ ᠪᠤᠶᠢᠷ ᠬᠤᠲᠠ ᠶᠢᠨ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠲᠠᠢ ᠰᠠᠯᠤᠰᠢ ᠦᠭᠡᠢ ᠶᠤᠮ᠂ ᠲᠦᠷᠦᠭᠦᠦ ᠭᠤᠷᠪᠠᠨ ᠤᠯᠠᠷᠢᠯ᠂ ᠭᠠᠭ᠋ᠠᠢ ᠦᠬᠡᠷ ᠬᠤᠨᠢ ᠶᠢᠨ ᠪᠣᠷᠣᠯᠠᠭᠤᠯᠭ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠳᠡᠭᠡᠭᠰᠢᠯᠡᠵᠦ᠂ ᠡᠭᠦᠨ ᠳᠤ ᠦᠬᠡᠷ ᠶᠢᠨ ᠪᠣᠷᠣᠯᠠᠭᠤᠯᠭ᠎ᠠ ᠶᠢᠨ ᠬᠡᠮᠵᠢᠶ᠎ᠡ ᠨᠢ ᠬᠠᠮᠤᠭ ᠶᠡᠭᠡ᠂ 6.1%᠎ ᠲᠤ ᠬᠦᠷᠴᠦ᠂ ᠬᠤᠨᠢᠨ ᠤ ᠪᠣᠷᠣᠯᠠᠭᠤᠯᠭ᠎ᠠ ᠶᠢᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠵᠦ᠂ ᠭᠠᠭ᠋ᠠᠢ ᠶᠢᠨ ᠪᠣᠷᠣᠯᠠᠭᠤᠯᠭ᠎ᠠ ᠶᠢᠨ ᠬᠡᠮᠵᠢᠶ᠎ᠡ ᠨᠢ ᠨᠢᠳᠤᠨᠤᠨ ᠎ ᠲᠠᠢ ᠬᠠᠷᠢᠴᠠᠭᠤᠯᠪᠠᠯ 0.7%᠎ ᠪᠠᠷ ᠪᠠᠭ᠎ᠠ ᠨᠡᠮᠡᠭᠳᠡᠪᠡ︔ ᠭᠤᠣᠯ ᠪᠣᠯᠬᠤ ᠮᠠᠯ ᠵᠢᠭᠦᠷᠲᠡᠨ ᠤ ᠠᠰᠢᠭ ᠰᠢᠮ᠎ᠡ ᠶᠢᠨ ᠦᠢᠯᠡᠳᠬᠦᠨ ᠤ ᠬᠡᠮᠵᠢᠶ᠎ᠡ ᠴᠦ ᠲᠣᠭᠲᠠᠭᠤᠨ ᠢᠶᠠᠷ ᠬᠥᠭᠵᠢᠵᠦ᠂ ᠬᠤᠨᠢᠨ ᠮᠢᠬ᠎ᠠ᠂ ᠵᠢᠭᠦᠷᠲᠡᠨ ᠤ ᠮᠢᠬ᠎ᠠ ᠶᠢᠨ ᠦᠢᠯᠡᠳᠬᠦᠨ ᠤ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠪᠠᠭᠤᠷᠠᠭᠰᠠᠨ ᠠᠴᠠ ᠭᠠᠳᠠᠨ᠎ᠠ᠂ ᠪᠤᠰᠤᠳ ᠮᠢᠬ᠎ᠠ ᠶᠢᠨ ᠦᠢᠯᠡᠳᠬᠦᠨ ᠤ ᠬᠡᠮᠵᠢᠶ᠎ᠡ ᠨᠢ ᠦᠨᠳᠦᠰᠦᠨ ᠳᠡᠭᠡᠨ ᠲᠤᠭᠲᠠᠭᠤᠨ ᠪᠠᠶᠢᠵᠤ᠂ ᠵᠢᠭᠦᠷᠲᠡᠨ ᠤ ᠥᠨᠳᠡᠭᠡ ᠪᠠ ᠦᠨᠢᠶᠡᠨ ᠰᠦ ᠨᠢᠳᠤᠨᠤᠨ ᠤ ᠮᠠᠭᠤᠵᠢᠷᠠᠭᠰᠠᠨ ᠪᠠᠶᠢᠳᠠᠯ ᠠᠴᠠ ᠪᠠᠨ ᠰᠠᠶᠢᠵᠢᠷᠠᠵᠤ᠂ ᠲᠤᠰ ᠲᠤᠰ ᠵᠠᠭᠤᠨ ᠤ 2.8 ᠪᠣᠯᠣᠨ ᠵᠠᠭᠤᠨ ᠤ 0.8᠎ ᠪᠠᠷ ᠳᠡᠭᠡᠭᠰᠢᠯᠡᠪᠡ᠃      ᠬᠤᠶᠠᠷ᠂ ᠣᠢ ᠰᠢᠭᠤᠢ ᠶᠢᠨ ᠠᠵᠤ ᠠᠬᠤᠢ ᠶᠢᠨ ᠦᠢᠯᠡᠳᠬᠦᠨ ᠤ ᠥᠷᠲᠡᠭ ᠨᠢ ᠨᠢᠳᠤᠨᠤᠨ ᠲᠠᠢ ᠬᠠᠷᠢᠴᠠᠭᠤᠯᠪᠠᠯ ᠢᠯᠡᠷᠡᠬᠡᠢ ᠨᠡᠮᠡᠭᠳᠡᠬᠦ ᠬᠠᠮᠳᠤᠰᠢ ᠲᠠᠢ ᠪᠣᠯᠪᠠ᠃ ᠣᠢ ᠰᠢᠭᠤᠢ ᠶᠢᠨ ᠥᠭᠡᠷᠡᠴᠢᠯᠡᠯᠲᠡ ᠪᠠ ᠣᠢ ᠶᠢᠨ ᠬᠤᠷᠮᠣᠢ ᠶᠢᠨ ᠠᠵᠤ ᠠᠬᠤᠢ ᠶᠢᠨ ᠣᠯᠠᠨ ᠡᠰᠢᠲᠦ ᠬᠥᠭᠵᠢᠯᠲᠡ ᠶᠢᠨ ᠨᠥᠯᠥᠭᠡ ᠳᠣᠣᠷ᠎ᠠ᠂ ᠲᠦᠷᠦᠭᠦᠦ ᠭᠤᠷᠪᠠᠨ ᠤᠯᠠᠷᠢᠯ᠂ ᠬᠥᠯᠥᠨ ᠪᠣᠶᠢᠷ ᠬᠤᠲᠠ ᠶᠢᠨ ᠣᠢ ᠰᠢᠭᠤᠢ ᠶᠢᠨ ᠦᠢᠯᠡᠳᠬᠦᠨ ᠤ ᠥᠷᠲᠡᠭ ᠨᠢ 26.4 ᠳ᠋ᠦᠩᠰᠢᠭᠤᠷ ᠲᠥᠭᠦᠷᠢᠭ ᠬᠦᠷᠴᠦ᠂ 3.9%᠎ ᠪᠠᠷ ᠨᠡᠮᠡᠭᠳᠡᠵᠦ᠂ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠪᠦᠬᠦ ᠥᠷᠲᠡᠭ ᠤᠨ 15.2%᠎ ᠢ ᠡᠵᠡᠯᠡᠵᠦ᠂ ᠨᠡᠮᠡᠭᠳᠡᠯ ᠥᠷᠲᠡᠭ ᠨᠢ 18.38 ᠳ᠋ᠦᠩᠰᠢᠭᠤᠷ ᠲᠥᠭᠦᠷᠢᠭ ᠬᠦᠷᠴᠦ᠂ 3.8%᠎ ᠪᠠᠷ ᠨᠡᠮᠡᠭᠳᠡᠵᠦ᠂ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠦᠬᠦ ᠨᠡᠮᠡᠭᠳᠡᠯ ᠥᠷᠲᠡᠭ ᠤᠨ 18.7%᠎ ᠶᠢ ᠡᠵᠡᠯᠡᠪᠡ᠃      ᠭᠤᠷᠪᠠ᠂ ᠲᠠᠷᠢᠶᠠᠯᠠᠩ᠂ ᠵᠢᠭᠠᠰᠤᠨ ᠠᠵᠤ ᠠᠬᠤᠢ ᠵᠢᠴᠢ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠥᠷᠲᠡᠭ ᠪᠦᠬᠦ ᠲᠠᠯ᠎ᠠ ᠪᠠᠷ ᠨᠡᠮᠡᠭᠳᠡᠬᠦ ᠬᠠᠨᠳᠤᠰᠢ ᠢᠯᠡᠷᠡᠪᠡ᠃ ᠲᠦᠷᠦᠭᠦᠦ ᠭᠤᠷᠪᠠᠨ ᠤᠯᠠᠷᠢᠯ᠂ ᠪᠦᠬᠦ ᠬᠤᠲᠠ ᠶᠢᠨ ᠲᠠᠷᠢᠶᠠᠯᠠᠩ ᠤᠨ ᠦᠢᠯᠡᠳᠬᠦᠨ ᠤ ᠥᠷᠲᠡᠭ 15.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠥᠷᠲᠡᠭ 9.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠤᠰ ᠲᠤᠰ ᠨᠢᠳᠤᠨᠤᠨ ᠤ ᠬᠢ ᠠᠴᠠ 2.7% ᠪᠣᠯᠣᠨ 3.2%᠎ ᠢᠶᠠᠷ ᠨᠡᠮᠡᠭᠳᠡᠪᠡ᠃ ᠵᠢᠭᠠᠰᠤᠨ ᠠᠵᠤ ᠠᠬᠤᠢ ᠶᠢᠨ ᠦᠢᠯᠡᠳᠬᠦᠨ ᠤ ᠥᠷᠲᠡᠭ 6.3 ᠳ᠋ᠦᠩᠰᠢᠭᠤᠷ ᠲᠥᠭᠦᠷᠢᠭ ᠪᠠᠶᠢᠵᠤ᠂ ᠨᠡᠮᠡᠭᠳᠡᠯ ᠥᠷᠲᠡᠭ 4.2 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.1% ᠪᠣᠯᠣᠨ 4.5%᠎ ᠪᠠᠷ ᠨᠡᠮᠡᠭᠳᠡᠪᠡ︔ ᠦᠢᠯᠡᠴᠢᠯᠡᠭᠡᠨ ᠤ ᠦᠢᠯᠡᠰ ᠤᠨ ᠦᠢᠯᠡᠳᠬᠦᠨ 3.5 ᠳ᠋ᠦᠩᠰᠢᠭᠤᠷ ᠲᠥᠭᠦᠷᠢᠭ ᠪᠠᠶᠢᠵᠤ᠂  ᠨᠡᠮᠡᠭᠳᠡᠯ ᠥᠷᠲᠡᠭ 2.1 ᠳ᠋ᠦᠩᠰᠢᠭᠤᠷ ᠲᠥᠭᠦᠷᠢᠭ ᠪᠠᠶᠢᠵᠤ᠂ ᠨᠢᠳᠤᠨᠤᠨ ᠲᠠᠢ ᠬᠠᠷᠢᠴᠠᠭᠤᠯᠪᠠᠯ ᠴᠥᠮ 5.2%᠎ ᠢᠶᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号