ᠤᠶᠢᠯᠠᠭᠠᠭᠰᠠᠨ ᠢᠶᠠᠷ᠂ ᠮᠠᠨᠵᠤᠤᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠢᠶᠠᠷ ᠵᠦᠪᠰᠢᠶᠡᠷᠡᠭᠦᠯᠦᠭᠡᠳ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠨᠢ 2015 ᠤᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠬᠤᠲᠠ ᠶᠢᠨ | ᠬᠡᠪᠴᠢᠶᠡᠨ ᠳᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠮᠴᠢᠯᠡᠭᠡᠨ ᠤ ᠵᠠᠷᠤᠳᠠᠯ ᠳᠤ ᠨᠢᠭᠡᠯᠡ ᠡᠪᠡᠳᠴᠢᠨ ᠤ | ᠲᠦᠷᠦᠯ ᠢᠶᠠᠷ ᠵᠠᠷᠤᠳᠠᠯ ᠦᠭᠭᠦ ᠬᠠᠮᠢᠶᠠᠷᠤᠯᠲᠠ ᠶᠢᠨ ᠠᠵᠢᠯ ᠢ ᠦᠷᠨᠢᠭᠦᠯᠪᠡ᠃ ᠡᠨᠡ ᠤᠳᠠᠭ᠎ᠠ ᠨᠢᠭᠡᠯᠡ ᠡᠪᠡᠳᠴᠢᠨ ᠤ | ᠲᠦᠷᠦᠯ ᠢᠶᠠᠷ ᠵᠠᠷᠤᠳᠠᠯ ᠦᠭᠭᠦ ᠬᠠᠮᠢᠶᠠᠷᠤᠯᠲᠠ ᠶᠢᠨ ᠠᠵᠢᠯ ᠨᠢ ᠭᠤᠤᠯᠳᠠᠭᠤ ᠴᠠᠭᠠᠨ ᠬᠠᠷᠠᠩ ᠡᠪᠡᠳᠴᠢᠨ ᠤ ᠮᠡᠰᠡ | ᠵᠠᠰᠠᠯ᠂ ᠡᠪᠦᠳᠦᠭ ᠤᠨ ᠦᠶ᠎ᠡ ᠰᠣᠯᠢᠬᠤ ᠮᠡᠰᠡ ᠵᠠᠰᠠᠯ᠂ ᠡᠭᠡᠷᠴᠡᠭ ᠤᠨ ᠦᠶ᠎ᠡ ᠰᠣᠯᠢᠬᠤ ᠮᠡᠰᠡ ᠵᠠᠰᠠᠯ ᠳᠤ | ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠳᠤ ᠴᠢᠭᠯᠡᠭᠦᠯᠦᠨ ᠨᠢᠭᠡᠯᠡ ᠡᠪᠡᠳᠴᠢᠨ ᠤ ᠲᠥᠷᠥᠯ ᠢᠶᠠᠷ ᠵᠠᠷᠤᠳᠠᠯ | ᠦᠭᠴᠦ᠂ ᠴᠠᠭ ᠲᠣᠬᠢᠶᠠᠯ ᠪᠤᠯᠤᠭᠰᠠᠨ ᠤ ᠰᠡᠭᠦᠯᠡᠷ ᠡᠪᠡᠳᠴᠢᠨ ᠤ ᠲᠦᠷᠦᠯ ᠢ ᠠᠯᠬᠤᠮ ᠠᠯᠬᠤᠮ ᠢᠶᠠᠷ | ᠨᠡᠮᠡᠭᠳᠡᠭᠦᠯᠦᠨ ᠬᠡᠷᠡᠭᠵᠢᠬᠦᠯᠦᠨ᠎ᠡ᠃ ᠨᠢᠭᠡᠯᠡ ᠡᠪᠡᠳᠴᠢᠨ ᠤ ᠲᠦᠷᠦᠯ ᠢᠶᠠᠷ ᠵᠠᠷᠤᠳᠠᠯ ᠦᠭᠭᠦ ᠨᠢ ᠭᠤᠤᠯᠳᠠᠭᠤ ᠵᠠᠷᠢᠮ | ᠡᠪᠡᠳᠴᠢᠨ ᠤ ᠶᠠᠪᠤᠴᠠ ᠨᠢ ᠬᠠᠷᠢᠴᠠᠩᠭᠤᠶ ᠳᠠᠩ ᠴᠤᠯᠭᠤᠢ ᠪᠥᠭᠡᠳ ᠡᠮᠨᠡᠯᠭᠡ ᠳᠤ ᠰᠠᠭᠤᠵᠤ ᠡᠮᠴᠢᠯᠡᠭᠦᠯᠬᠦ | ᠴᠢᠬᠤᠯᠠᠲᠠᠢ ᠡᠪᠡᠳᠴᠢᠨ ᠳᠤ ᠴᠢᠭᠯᠡᠭᠦᠯᠦᠨ ᠥᠷᠨᠢᠭᠦᠯᠵᠦ᠂ ᠡᠪᠡᠳᠴᠢᠲᠡᠨ ᠡᠮᠨᠡᠯᠭᠡ ᠳᠤ ᠰᠠᠭᠤᠭᠰᠠᠨ ᠤ ᠳᠠᠷᠠᠭ᠎ᠠ | ᠪᠠᠷᠢᠮᠵᠢᠶᠠᠵᠢᠭᠰᠠᠨ ᠡᠮᠴᠢᠯᠡᠭᠡᠨ ᠳᠤ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠳᠤ ᠨᠢᠭᠡᠳᠦᠯᠲᠡᠢ ᠪᠠᠷᠢᠮᠵᠢᠶ᠎ᠠ | ᠲᠤᠭᠲᠠᠭᠠᠬᠤ ᠶᠢᠨ ᠬᠠᠮᠲᠤ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯᠤᠨ ᠳᠠᠭᠠᠳᠬᠠᠯ ᠳᠤ ᠣᠷᠣᠯᠴᠠᠭᠰᠠᠨ | ᠬᠥᠮᠦᠨ ᠲᠤᠰ ᠲᠤᠰ ᠵᠠᠷᠤᠳᠠᠯ ᠦᠭᠭᠦ ᠠᠷᠭ᠎ᠠ ᠪᠠᠷ ᠦᠷᠨᠢᠭᠦᠯᠦᠨ᠎ᠡ᠃ ᠨᠢᠭᠡᠯᠡ ᠡᠪᠡᠳᠴᠢᠨ ᠤ ᠲᠦᠷᠦᠯ ᠢᠶᠠᠷ ᠵᠠᠷᠤᠳᠠᠯ | ᠦᠭᠭᠦ ᠠᠵᠢᠯ ᠢ ᠦᠷᠨᠢᠭᠦᠯᠦᠭᠰᠡᠨ ᠶᠠᠪᠤᠳᠠᠯ ᠨᠢ ᠮᠠᠨᠵᠤᠤᠷ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ | ᠦᠭᠭᠦ ᠠᠷᠭ᠎ᠠ ᠮᠠᠶ᠋ᠢᠭ ᠤᠨ ᠳᠠᠩ ᠴᠤᠯᠭᠤᠢ ᠪᠠᠶᠢᠭᠰᠠᠨ ᠬᠤᠭᠤᠰᠣᠨ ᠢ ᠨᠦᠬᠦᠪᠦᠷᠢᠯᠡᠭᠰᠡᠨ ᠤ ᠬᠠᠮᠲᠤ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠦᠭᠭᠦ ᠠᠷᠭ᠎ᠠ ᠶᠢᠨ ᠥᠭᠡᠷᠡᠴᠢᠯᠡᠯᠲᠡ ᠬᠢᠭᠡᠳ ᠳᠠᠭᠠᠳᠬᠠᠯ ᠤᠨ ᠰᠠᠭᠤᠷᠢ ᠮᠥᠩᠭᠦ ᠶᠢ ᠠᠮᠤᠷ | ᠲᠦᠪᠰᠢᠨ ᠵᠦᠢ ᠵᠣᠬᠢᠰᠲᠠᠢ ᠬᠡᠷᠡᠭᠯᠡᠬᠦ ᠳᠤ ᠢᠳᠡᠪᠬᠢᠲᠡᠢ ᠦᠢᠯᠡᠳᠦᠯ ᠦᠵᠡᠭᠦᠯᠦᠭᠡᠳ᠂ ᠵᠢᠭᠠᠨ ᠲᠤᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠢ ᠨᠢ ᠦᠨᠳᠦᠰᠦᠯᠡᠨ ᠵᠠᠰᠠᠬᠤ᠂ ᠵᠦᠶ ᠵᠣᠬᠢᠰᠲᠠᠶ ᠪᠠᠶᠢᠴᠠᠭᠠᠬᠤ᠂ ᠵᠦᠢ | ᠵᠣᠬᠢᠰᠲᠠᠶ ᠡᠮ ᠲᠠᠩ ᠬᠡᠷᠡᠭᠯᠡᠬᠦ᠂ ᠵᠦᠶ ᠵᠣᠬᠢᠰᠲᠠᠶ ᠡᠮᠨᠡᠨ ᠵᠠᠰᠠᠬᠤ ᠶᠢ ᠬᠥᠲᠥᠯᠥᠨ ᠵᠢᠯᠣᠭᠤᠳᠴᠤ᠂ ᠡᠮ | ᠡᠮᠨᠡᠯᠭᠡ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ | ᠵᠠᠷᠤᠳᠠᠯ ᠤᠨ ᠨᠡᠮᠡᠭᠳᠡᠯ ᠢ ᠬᠢᠵᠠᠭᠠᠷᠯᠠᠬᠤ ᠪᠦᠲᠦᠮᠵᠢᠲᠡᠶ ᠠᠷᠭ᠎ᠠ ᠵᠠᠮ ᠪᠤᠯᠤᠭᠰᠠᠨ ᠪᠠᠶᠢᠨ᠎ᠠ᠃ |