ᠡᠮ ᠡᠮᠨᠡᠯᠭᠡ ᠶᠢᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠷᠠᠳ ᠤᠨ ᠶᠠᠪᠤᠳᠠᠯ ᠠᠴᠠ ᠠᠪᠤᠷᠠᠨ ᠲᠤᠰᠠᠯᠠᠭᠰᠠᠳ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ | ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠠᠷᠤ ᠬᠤᠷᠴᠢᠨ ᠬᠤᠰᠢᠭᠤ᠂ | ᠬᠠᠷᠠᠴᠢᠨ ᠬᠤᠰᠢᠭᠤ ᠵᠡᠷᠭᠡ ᠳᠥᠷᠪᠡᠨ ᠬᠤᠰᠢᠭᠤ ᠰᠢᠶᠠᠨ ᠲᠣᠭᠤᠷᠢᠭ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠠᠷᠠᠳ ᠤᠨ ᠶᠠᠪᠤᠳᠠᠯ ᠤᠨ ᠠᠪᠤᠷᠠᠨ ᠲᠤᠰᠠᠯᠠᠭᠰᠠᠳ ᠲᠤ ᠬᠤᠳᠠᠯᠳᠤᠭᠠᠨ ᠤ | ᠡᠮᠨᠡᠯᠭᠡ ᠶᠢᠨ ᠳᠠᠭᠠᠳᠬᠠᠯ ᠬᠤᠳᠠᠯᠳᠤᠨ ᠠᠪᠴᠤ ᠨᠥᠬᠦᠵᠦ ᠥᠭᠪᠡ᠃ | ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠮᠢᠳᠤᠷᠠᠯ ᠨᠢ ᠬᠦᠴᠢᠷᠳᠡᠯᠲᠡᠢ | ᠤᠯᠠᠨ ᠲᠦᠮᠡᠨ ᠢ ᠲᠤᠰᠠᠯᠠᠨ ᠬᠤᠷᠰᠢᠭᠰᠠᠨ ᠡᠮᠨᠡᠯᠭᠡ ᠳᠤ ᠣᠷᠣᠯᠴᠠᠭᠤᠯᠵᠤ ᠳᠠᠭᠠᠳᠬᠠᠯ ᠳᠤ ᠣᠷᠣᠯᠴᠠᠭᠤᠯᠤᠭᠰᠠᠨ | ᠰᠠᠭᠤᠷᠢᠨ ᠳᠡᠭᠡᠷ᠎ᠡ᠂ ᠪᠠᠰᠠ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠤ ᠬᠤᠳᠠᠯᠳᠤᠭᠠᠨ ᠤ ᠡᠮᠨᠡᠯᠭᠡ ᠶᠢᠨ | ᠳᠠᠭᠠᠳᠬᠠᠯ ᠳᠤ ᠣᠷᠣᠬᠤ ᠶᠢ ᠨᠢ ᠲᠤᠰᠠᠯᠠᠨ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠨᠥᠬᠦᠪᠥᠷᠢ ᠪᠣᠯᠭᠠᠪᠠ᠂ | ᠬᠤᠳᠠᠯᠳᠤᠭᠠᠨ ᠤ ᠡᠮᠨᠡᠯᠭᠡ ᠶᠢᠨ ᠳᠠᠭᠠᠳᠬᠠᠯ ᠤᠨ ᠠᠪᠤᠷᠠᠨ ᠲᠤᠰᠠᠯᠠᠬᠤ ᠳᠤ ᠣᠷᠤᠯᠴᠠᠭᠤᠯᠬᠤ ᠲᠤᠰᠠᠯᠠᠭᠳᠠᠭᠴᠢ ᠶᠢᠨ | ᠬᠦᠷᠢᠶ᠎ᠡ ᠬᠡᠪᠴᠢᠶ᠎ᠡ ᠨᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ | ᠬᠤᠲᠠ ᠪᠠᠯᠭᠠᠰᠤᠨ ᠤ ︽ᠭᠤᠷᠪᠠᠨ ᠦᠭᠡᠶ︾ ᠬᠦᠮᠦᠰ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭᠠᠲᠤ | ᠠᠰᠠᠷᠠᠭᠤᠯᠤᠨ ᠲᠡᠵᠢᠭᠡᠯᠭᠡᠬᠦ ᠬᠥᠮᠥᠰ ᠵᠡᠷᠭᠡ ᠠᠷᠠᠳ ᠤᠨ ᠶᠠᠪᠤᠳᠠᠯ ᠤᠨ ᠠᠪᠤᠷᠠᠨ ᠲᠤᠰᠠᠯᠠᠭᠰᠠᠳ ᠪᠣᠯᠣᠨ᠎ᠠ᠃ | ᠬᠤᠳᠠᠯᠳᠤᠭᠠᠨ ᠤ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠶᠢ ᠳᠠᠷᠠᠭ᠎ᠠ᠂ ᠨᠡᠶᠢᠭᠡᠮ ᠤᠨ ᠡᠮᠴᠢᠯᠡᠭᠡᠨ ᠤ | ᠳᠠᠭᠠᠳᠬᠠᠯ ︵ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠪᠤᠶᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠳᠠᠭᠠᠳᠬᠠᠯ︶ ᠳᠤ ᠳᠠᠩᠰᠠ ᠲᠠᠶᠢᠯᠤᠭᠰᠠᠨ ᠰᠠᠭᠤᠷᠢᠨ ᠳᠡᠭᠡᠷ᠎ᠡ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠳᠤ | ᠬᠦᠨᠳᠦ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠨᠥᠬᠦᠪᠦᠷᠢ ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ | ᠲᠤᠰ ᠤᠳᠠᠭᠠᠨ ᠤ ᠲᠤᠷᠰᠢᠯᠲᠠ ᠶᠢᠨ ᠭᠠᠵᠠᠷ ᠣᠷᠣᠨ ᠤ ᠬᠤᠳᠠᠯᠳᠤᠭᠠᠨ ᠤ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠦᠨᠳᠦᠰᠦᠨ ᠡᠮ ᠡᠮᠨᠡᠯᠭᠡ ᠶᠢᠨ ᠨᠥᠬᠦᠪᠥᠷᠢ ᠳᠠᠭᠠᠳᠬᠠᠯ ᠢ ᠨᠢ 2000 ᠲᠥᠭᠦᠷᠢᠭ ᠢᠶᠠᠷ ᠡᠬᠢᠯᠡᠯᠲᠡ | ᠪᠣᠯᠭᠠᠵᠤ᠂ ᠬᠠᠮᠤᠭ ᠠᠷᠪᠢᠨ ᠳᠠᠭᠠᠨ 100000 ᠲᠥᠭᠦᠷᠢᠭ ᠠᠴᠠ ᠬᠡᠲᠦᠷᠡᠭᠦᠯᠬᠦ ᠦᠭᠡᠢ᠃ ᠬᠤᠲᠠ ᠬᠥᠳᠡᠭᠡ ᠶᠢᠨ | ᠠᠪᠤᠷᠠᠨ ᠲᠤᠰᠠᠯᠠᠭᠰᠠᠳ ᠡᠮᠨᠡᠯᠭᠡ ᠳᠤ ᠰᠠᠭᠤᠬᠤ ᠡᠮᠴᠢᠯᠡᠭᠡᠨ ᠤ ᠵᠣᠬᠢᠰᠲᠠᠶ ᠵᠠᠷᠤᠳᠠᠯ ᠢ ᠳᠠᠭᠠᠳᠬᠠᠯ ᠪᠣᠯᠣᠨ | ᠬᠤᠷᠰᠢᠭᠰᠠᠨ ᠡᠮᠨᠡᠯᠭᠡ ᠳᠤ ᠣᠷᠣᠯᠴᠠᠭᠰᠠᠳ ᠤᠨ ᠳᠠᠩᠰᠠ ᠠᠴᠠ ᠲᠠᠶᠢᠯᠵᠤ᠂ ᠦᠯᠡᠳᠡᠭᠰᠡᠨ ᠡᠮᠴᠢᠯᠡᠭᠡᠨ ᠤ | ᠵᠠᠷᠤᠳᠠᠯ ᠠᠴᠠ 2000 ᠲᠥᠭᠦᠷᠢᠭ ᠬᠠᠰᠤᠭᠰᠠᠨ ᠤ ᠳᠠᠷᠠᠭ᠎ᠠ᠂ 2000 ᠲᠥᠭᠦᠷᠢᠭ ᠠᠴᠠ 10000 | ᠲᠥᠭᠦᠷᠢᠭ ᠤᠨ ᠵᠠᠷᠤᠳᠠᠯ ᠭᠠᠷᠪᠠᠯ᠂ ᠲᠦᠯᠦᠬᠦ ᠬᠠᠷᠢᠴᠠᠯ ᠨᠢ 30%ᠪᠣᠯᠣᠨ᠎ᠠ︔ 10000 ᠲᠥᠬᠦᠷᠢᠭ ᠠᠴᠠ | 50000 ᠲᠥᠭᠦᠷᠢᠭ ᠪᠣᠯᠪᠠᠯ᠂ ᠲᠥᠯᠥᠬᠦ ᠬᠠᠷᠢᠴᠠᠯ ᠨᠢ 50% ᠪᠣᠯᠤᠨ᠎ᠠ︔ 50000 | ᠲᠥᠭᠦᠷᠢᠭ ᠠᠴᠠ100000 ᠲᠥᠭᠦᠷᠢᠭ ᠪᠣᠯᠪᠠᠯ᠂ ᠲᠦᠯᠦᠬᠦ ᠬᠠᠷᠢᠴᠠᠯ ᠨᠢ 70% ᠪᠣᠯᠣᠨ᠎ᠠ᠃ |