ᠦᠪᠡᠷᠲᠡᠭᠡᠨ ᠵᠠᠰᠠᠬᠤ ᠤᠷᠤᠨ ᠠᠴᠠ ᠠᠯᠠᠱᠠ ᠠᠶᠢᠮᠠᠭ ᠶᠢᠨ ᠬᠠᠯᠬᠠᠪᠴᠢ ᠣᠢ ᠶᠢᠨ ᠢᠨᠵᠧᠨᠧᠷᠢᠩ ᠎ ᠳᠤ 2015 ᠣᠨ ᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠵᠨ ᠲᠥᠯᠥᠪᠯᠡᠭᠡ 6210 ᠲᠦᠮᠡᠨ ᠲᠥᠭᠦᠷᠢᠭ  ᠪᠠᠭᠤᠯᠭᠠᠪᠠ
ᠨᠡᠶᠢᠲᠡᠯᠡᠭᠰᠡᠨ ᠴᠠᠭ᠄
2015/10/29
     ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠢ ᠰᠢᠭᠤᠢ ᠎ ᠶᠢᠨ ᠲᠢᠩᠬᠢᠮ ᠠᠴᠠ᠂ ᠠᠯᠠᠱᠠ ᠠᠶᠢᠮᠠᠭ ᠎ ᠶᠢᠨ ᠬᠠᠯᠬᠠᠪᠴᠢ ᠣᠢ ᠶᠢᠨ ᠢᠨᠵᠧᠨᠧᠷᠢᠩ ᠳᠤ 2015 ᠣᠨ ᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ 7762.5 ᠲᠦᠮᠡᠨ ᠲᠥᠭᠦᠷᠢᠭ  ᠪᠠᠭᠤᠯᠭᠠᠪᠠ  ᠂ ᠡᠭᠦᠨ ᠳᠤ ᠲᠥᠪ ᠤᠨ ᠪᠡᠯᠡ ᠣᠷᠣᠭᠤᠯᠤᠯᠲᠠ 6210 ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ 1552.5 ᠲᠦᠮᠡᠨ ᠲᠥᠭᠦᠷᠢᠭ ᠪᠤᠢ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠡᠭᠦᠷᠭᠡ 59.8 ᠲᠦᠮᠡᠨ ᠮᠥ ᠪᠠᠶᠢᠵᠤ᠂ ᠡᠭᠦᠨ ᠳᠤ ᠲᠠᠷᠢᠮᠠᠯ ᠤᠢ ᠪᠤᠶᠢᠵᠢᠭᠤᠯᠬᠤ 34.5 ᠲᠦᠮᠡᠨ ᠮᠥ᠂ ᠨᠢᠰᠬᠡᠯ ᠢᠶᠠᠷ ᠣᠶᠢᠵᠢᠭᠤᠯᠬᠤ 6 ᠲᠦᠮᠡᠨ ᠮᠥ᠂ ᠠᠭᠤᠯᠠ ︵ᠡᠯᠡᠰᠦ︶᠎ ᠶᠢ ᠪᠢᠲᠡᠭᠦᠮᠵᠢᠯᠡᠨ ᠤᠶᠢᠵᠢᠭᠤᠯᠬᠤ 19.3 ᠲᠦᠮᠡᠨ ᠮᠥ ᠪᠤᠢ  ᠃ ᠬᠠᠯᠬᠠᠪᠴᠢ ᠤᠢ ᠶᠢᠨ ᠢᠨᠵᠧᠨᠧᠷᠢᠩ ᠎ ᠤᠨ ᠪᠦᠳᠦᠭᠡᠨ ᠪᠠᠶᠢᠭᠤᠯᠤᠯᠳᠠ ᠶᠢᠨ ᠪᠡᠯᠡ ᠣᠷᠣᠭᠤᠯᠤᠯᠲᠠ ᠶᠢ ᠠᠷᠠᠳ ᠤᠨ ᠠᠮᠢᠳᠤᠷᠠᠯ ᠳᠤ ᠬᠤᠯᠪᠣᠭᠳᠠᠬᠤ᠂ ᠠᠮᠢ ᠠᠬᠤᠶ ᠶᠢᠨ ᠤᠷᠤᠨ ᠪᠠᠶᠢᠷᠢ ᠪᠠᠷ ᠴᠢᠬᠤᠯᠠ᠂ ᠣᠷᠣᠨ ᠨᠤᠲᠤᠭ ᠤᠨ ᠬᠢᠨ ᠴᠢᠬᠤᠯᠠᠴᠢᠯᠠᠭᠰᠠᠨ᠂ ᠣᠬᠤᠷ ᠬᠤᠭᠤᠴᠠᠭᠠᠨ ᠳᠣᠲᠣᠷ᠎ᠠ ᠵᠠᠰᠠᠵᠤ ᠢᠯᠡᠳᠲᠡ ᠦᠷ᠎ᠡ ᠪᠦᠲᠦᠮᠵᠢ ᠭᠠᠷᠭᠠᠬᠤ ᠣᠷᠣᠨ ᠳᠤ  ᠬᠡᠷᠡᠭᠯᠡᠬᠦ ᠲᠤᠯᠠ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦᠵᠢᠷᠡᠯ ᠶᠢ ᠵᠠᠰᠠᠬᠤ ᠪᠠᠷ ᠭᠤᠤᠯ ᠳᠠᠭᠠᠷᠢᠬᠤ ᠴᠢᠭᠯᠡᠯ ᠪᠣᠯᠭᠠᠬᠤ ᠶᠢ ᠪᠠᠷᠢᠮᠲᠠᠯᠠᠨ᠂ ᠵᠠᠭᠤᠨ ᠲᠦᠮᠡᠨ ᠮᠥ ᠶᠢᠨ ᠲᠠᠷᠢᠮᠠᠯ ᠤᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠤᠷᠤᠨ ᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠡᠯᠡᠰᠦ ᠮᠠᠩᠬᠠᠨ ᠤ ᠬᠦᠪᠡᠭᠡ ᠵᠠᠬ᠎ᠠ ᠶᠢ ᠪᠤᠷᠤᠤᠯᠠᠬᠤ ᠤᠢ ᠶᠢᠨ ᠪᠥᠳᠥᠭᠡᠨ ᠪᠠᠶᠢᠭᠤᠯᠤᠯᠳᠠ ᠳᠤ ᠭᠤᠤᠯᠳᠠᠯᠭ᠎ᠠ ᠲᠠᠢ ᠲᠣᠬᠢᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号