ᠣᠷᠳᠣᠰ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/10/29
     10 ᠳ᠋ᠤᠭᠠᠷ ᠰᠠᠷ᠎ᠠ ᠶᠢᠨ 28᠎ ᠤ ᠡᠳᠦᠷ᠂ 2015 ᠣᠨ ᠤ ᠪᠦᠬᠦ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠪᠣᠯᠪᠠᠰᠤᠷᠠᠯ ᠤᠨ ᠬᠤᠷᠠᠯ ᠬᠢᠶ᠎ᠠ ᠪᠠᠭᠰᠢ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠣᠷᠳᠣᠨ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠺᠣᠮᠫᠢᠦ᠋ᠲ᠋ᠧᠷ ᠤᠨ ᠬᠠᠮᠢᠶᠠᠷᠤᠯᠲᠠ ᠶᠢᠨ ᠠᠵᠢᠯᠲᠠᠳ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠬᠡᠪ ᠪᠠᠶᠢᠳᠠᠯ ᠳᠣᠤᠷ᠎ᠠ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠠᠵᠢᠯ ᠢ ᠲᠦᠯᠬᠢᠨ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠠᠵᠢᠯ ᠢ ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠷᠠᠭᠤᠯᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠣᠪᠣᠶᠢᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠠᠵᠢᠯ ᠢ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ︔ ᠡᠳ᠋ ᠬᠦᠷᠦᠩᠭᠡ ᠪᠠ ᠵᠥᠭᠡᠯᠡᠨ ᠲᠣᠨᠤᠭ ᠬᠡᠷᠡᠭᠯᠡᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ︔ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠠᠵᠤ ᠠᠬᠤᠶᠢᠯᠠᠯ ᠤᠳ ᠤᠨ ᠵᠢᠩᠬᠢᠨᠢ ᠬᠡᠪᠯᠡᠯ ᠤᠨ ᠵᠥᠭᠡᠯᠡᠨ ᠲᠣᠨᠤᠭ ᠬᠡᠷᠡᠭᠯᠡᠬᠦ ᠶᠢ ᠲᠦᠯᠬᠢᠨ ᠠᠬᠢᠭᠤᠯᠬᠤ ᠬᠡᠷᠡᠭᠲᠡᠢ︔ ᠪᠣᠯᠪᠠᠰᠤᠷᠠᠯ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠦ᠂ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠠᠵᠢᠯ ᠢ ᠵᠢᠷᠤᠮᠵᠢᠭᠤᠯᠬᠤ᠂ ᠪᠠᠶᠢᠩᠭᠤᠵᠢᠭᠤᠯᠬᠤ᠂ ᠲᠦᠷᠢᠮᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠣᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠢ ᠶᠡᠷᠦᠩᠬᠡᠶᠢᠯᠡᠨ ᠬᠠᠮᠢᠶᠠᠷᠬᠤ ᠠᠯᠪᠠᠨ ᠭᠡᠷ᠂ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠥᠭᠡᠯᠡᠨ ᠲᠣᠨᠤᠭ ᠤᠨ ᠬᠡᠪᠯᠡᠯ ᠢ ᠵᠢᠩᠬᠢᠨᠢᠴᠢᠯᠡᠬᠦ ᠳᠤᠮᠳᠠ ᠡᠭᠦᠷᠭᠡᠯᠡᠬᠦ ᠡᠭᠦᠷᠭᠡ ᠴᠢᠳᠠᠪᠤᠷᠢ ᠳᠤ ᠨᠠᠷᠢᠨ ᠲᠣᠳᠣᠷᠬᠠᠢ ᠲᠠᠶᠢᠯᠤᠮᠵᠢ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号