ᠬᠤᠭᠤᠯᠠᠨ ᠭᠡᠷ ᠤᠨ ᠬᠤᠭ ᠨᠣᠪᠰᠢ ᠶᠢᠨ ᠣᠷᠴᠢᠨ ᠲᠣᠭᠤᠷᠢᠨ ᠢ ᠪᠣᠬᠢᠷᠳᠤᠭᠤᠯᠬᠤ ᠶᠢ ᠰᠡᠷᠭᠡᠶᠢᠯᠡᠵᠦ᠂ | ᠬᠤᠳᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠬᠤᠭᠤᠯᠠᠨ ᠭᠡᠷ ᠤᠨ ᠬᠤᠭ ᠨᠣᠪᠰᠢ ᠶᠢ ᠬᠤᠤᠷ ᠦᠭᠡᠶᠢᠵᠢᠭᠦᠯᠦᠨ | ᠰᠢᠢᠳᠪᠦᠷᠢᠯᠡᠬᠦ ᠪᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ᠦᠬᠠᠶ | ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ︽ᠦᠬᠠᠶ | ᠬᠤᠲᠠ ᠶᠢᠨ ᠬᠤᠭᠤᠯᠠᠨ ᠭᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠣᠷᠠᠭ︶ | ︾ ︵ᠳᠣᠷᠣᠭᠰᠢ ︽ᠰᠠᠨᠠᠯ ᠬᠤᠷᠢᠶᠠᠬᠤ ᠨᠣᠣᠷᠠᠭ︾ ᠭᠡᠵᠦ ᠲᠣᠪᠴᠢᠯᠠᠨ᠎ᠠ︶ ᠢ ᠰᠤᠳᠤᠯᠤᠨ ᠨᠣᠣᠷᠠᠭᠯᠠᠬᠤ ᠶᠢᠨ | ᠬᠠᠮᠲᠤ ᠣᠶᠢᠷ᠎ᠠ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ ᠪᠣᠯᠣᠨ᠎ᠠ᠃ | ᠬᠤᠭᠤᠯᠠᠨ ᠭᠡᠷ ᠤᠨ ᠬᠤᠭ ᠨᠣᠪᠰᠢ ᠭᠡᠳᠡᠭ ᠨᠢ ᠰᠠᠭᠤᠭᠠᠯᠢ ᠠᠷᠠᠳ ᠤᠨ ᠡᠳᠦᠷ ᠲᠤᠳᠤᠮ ᠤᠨ | ᠠᠮᠢᠳᠤᠷᠠᠯ ᠠᠴᠠ ᠪᠤᠰᠤᠳ ᠢᠳᠡᠭᠡᠨ ᠤᠮᠳᠠᠭᠠᠨ ᠪᠣᠯᠪᠠᠰᠤᠷᠠᠭᠤᠯᠬᠤ᠂ ᠬᠤᠭᠤᠯᠠ ᠤᠮᠳᠠ ᠶᠢᠨ ᠦᠢᠯᠡᠴᠢᠯᠡᠭᠡ᠂ | ᠨᠢᠭᠡᠴᠡ ᠠᠴᠠ ᠬᠤᠭᠤᠯᠠ ᠬᠠᠩᠭᠠᠬᠤ ᠵᠡᠷᠭᠡ ᠠᠵᠢᠯᠯᠠᠭ᠎ᠠ ᠶᠢᠨ ᠳᠤᠮᠳᠠ ᠪᠣᠢ ᠪᠣᠯᠣᠭᠰᠠᠨ ᠦᠯᠡᠳᠡᠭᠰᠡᠨ ᠬᠤᠭᠤᠯᠠ | ᠨᠣᠭᠤᠭ᠎ᠠ ᠵᠡᠷᠭᠡ ᠬᠤᠭ ᠨᠣᠪᠰᠢ ᠪᠣᠯᠤᠨ ᠬᠠᠶᠠᠭᠳᠠᠮᠠᠯ ᠢᠳᠡᠰᠢᠨ ᠤ ᠥᠭᠡᠬᠦ ᠲᠣᠰᠣ ᠶᠢ ᠵᠢᠭᠠᠨ᠎ᠠ᠃ | ᠣᠷᠴᠢᠮ ᠤᠨ ᠵᠢᠯ ᠤᠳ ᠲᠤ᠂ ᠤᠬᠢᠶᠠᠳᠠᠰᠤᠨ ᠲᠤᠰᠣᠨ ᠤ ᠬᠡᠷᠡᠭ ᠵᠢᠴᠢ ᠬᠤᠭᠤᠯᠠᠨ ᠭᠡᠷ ᠤᠨ ᠬᠤᠭ | ᠨᠣᠪᠰᠢᠨ ᠳᠤ ᠬᠤᠯᠪᠣᠭᠳᠠᠭᠰᠠᠨ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ ᠵᠡᠷᠭᠡ ᠠᠰᠠᠭᠤᠳᠠᠯ ᠤᠳ ᠠᠴᠠ | ᠪᠣᠯᠵᠤ ᠬᠥᠮᠦᠰ ᠬᠤᠭᠤᠯᠠᠨ ᠭᠡᠷ ᠤᠨ ᠬᠤᠭ ᠨᠣᠪᠰᠢ ᠶᠢᠨ ᠰᠢᠢᠳᠪᠦᠷᠢᠯᠡᠯᠲᠡ ᠶᠢ ᠬᠦᠨᠳᠦᠳᠬᠡᠨ ᠦᠵᠡᠬᠦ ᠪᠣᠯᠵᠤ᠂ | ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠪᠠ ᠤᠷ᠎ᠠ ᠮᠡᠷᠭᠡᠰᠢᠯ ᠢᠶᠠᠨ ᠥᠭᠡᠷᠡᠴᠢᠯᠡᠨ ᠰᠠᠶᠢᠵᠢᠷᠠᠭᠤᠯᠬᠤ | ᠠᠵᠢᠯ ᠦᠷᠨᠢᠭᠦᠯᠬᠦ ᠶᠢ ᠵᠣᠷᠢᠭᠵᠢᠭᠤᠯᠤᠨ᠂ ᠬᠤᠭᠤᠯᠠᠨ ᠭᠡᠷ ᠤᠨ ᠬᠤᠭ ᠨᠣᠪᠰᠢ ᠶᠢ ᠬᠤᠤᠷ ᠥᠭᠡᠶᠢᠵᠢᠭᠦᠯᠦᠨ | ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠪᠣᠯ ᠨᠡᠶᠢᠭᠡᠮ ᠤᠨ ᠬᠥᠭᠵᠢᠯᠲᠡ ᠶᠢ | ᠬᠡᠷᠡᠭᠴᠡᠭᠡ ᠪᠣᠯᠣᠨ᠎ᠠ᠃ ︽ᠰᠠᠨᠠᠯ ᠬᠤᠷᠢᠶᠠᠬᠤ ᠨᠣᠣᠷᠠᠭ︾ ᠢ ᠨᠡᠶᠢᠲᠡᠯᠡᠭᠰᠡᠨ ᠨᠢ ᠦᠬᠠᠶ ᠬᠤᠲᠠ ᠶᠢᠨ ᠬᠤᠭᠤᠯᠠᠨ | ᠭᠡᠷ ᠤᠨ ᠬᠤᠭ ᠨᠣᠪᠰᠢ ᠪᠣᠢ ᠪᠣᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠦᠢᠯᠡᠴᠢᠯᠡᠭᠡᠨ ᠤ ᠨᠢᠭᠡᠴᠡ ᠠᠴᠠ | ᠵᠢᠷᠤᠮᠵᠢᠭᠰᠠᠨ ᠬᠠᠮᠢᠶᠠᠷᠤᠯᠲᠠ ᠵᠦᠭ ᠣᠷᠣᠭᠰᠠᠨ ᠰᠢᠨᠵᠢ ᠲᠡᠮᠳᠡᠭ ᠪᠣᠯᠣᠨ᠎ᠠ᠃ | ᠬᠤᠳᠠ ᠶᠢᠨ ᠠᠷᠠᠳ ᠤᠳ ᠦᠬᠠᠢ ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠦᠯᠵᠢᠶ᠎ᠡ ᠪᠠᠷ ᠳᠠᠮᠵᠢᠨ ︽ᠰᠠᠨᠠᠯ ᠬᠤᠷᠢᠶᠠᠬᠤ ᠨᠣᠣᠷᠠᠭ︾ ᠤᠨ ᠪᠣᠳᠠᠲᠠᠢ ᠠᠭᠤᠯᠭ᠎ᠠ ᠶᠢ | ᠣᠶᠢᠯᠠᠭᠠᠬᠤ ᠶᠢᠨ ᠬᠠᠮᠲᠤ ᠢᠮᠧᠯ ᠶᠠᠪᠤᠭᠤᠯᠬᠤ ᠠᠷᠭ᠎ᠠ ᠮᠠᠶ᠋ᠢᠭ ᠪᠤᠶᠤ ᠵᠠᠬᠢᠳᠠᠯ ᠢᠶᠠᠷ ᠬᠠᠷᠢᠯᠴᠠᠬᠤ ᠠᠷᠭ᠎ᠠ ᠬᠡᠯᠪᠡᠷᠢ ᠪᠠᠷ | ︽ᠰᠠᠨᠠᠯ ᠬᠤᠷᠢᠶᠠᠬᠤ ᠨᠣᠣᠷᠠᠭ︾ ᠲᠤ ᠰᠠᠨᠠᠯ ᠪᠠ ᠰᠠᠨᠠᠭᠤᠯᠭ᠎ᠠ ᠳᠤᠷᠠᠳᠴᠤ ᠪᠣᠯᠣᠨ᠎ᠠ᠃ | ᠢᠮᠧᠯ ᠢᠯᠡᠭᠡᠬᠦ ᠬᠠᠶ᠋ᠢᠭ᠄ sjwgysy@163.com ; ᠵᠠᠬᠢᠳᠠᠯ ᠨᠡᠪᠲᠡᠷᠡᠬᠦ ᠬᠠᠶ᠋ᠢᠭ᠄ ᠦᠬᠠᠶ | ᠬᠤᠲᠠ ᠶᠢᠨ ᠬᠠᠳᠤᠨ ᠭᠤᠣᠯ ᠪᠠᠷᠠᠭᠤᠨ ᠵᠡᠭᠡᠯᠢ ᠶᠢᠨ 8 ᠳ᠋ᠤᠭᠠᠷ ᠨᠣᠮᠧᠷ ᠲᠠᠬᠢ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠵᠠᠬᠢᠳᠠᠯ ᠢᠯᠡᠭᠡᠬᠦ ᠳᠤ ᠵᠠᠬᠢᠳᠠᠯ ᠤᠨ ᠳᠤᠭᠲᠤᠶ ᠳᠡᠭᠡᠷ᠎ᠡ ︽ | ᠦᠬᠠᠶ ᠬᠤᠲᠠ ᠶᠢᠨ ᠬᠤᠭᠤᠯᠠᠨ ᠭᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ᠶᠢᠨ ᠰᠠᠨᠠᠯ ᠬᠤᠷᠢᠶᠠᠯᠲᠠ | ︾ ᠭᠡᠵᠦ ᠪᠢᠴᠢᠵᠦ ᠲᠣᠲᠣᠷᠬᠠᠶᠢᠯᠠᠭᠠᠷᠠᠢ᠃ ᠰᠠᠨᠠᠯ ᠥᠭᠬᠦ ᠡᠴᠦᠰ ᠤᠨ ᠴᠠᠭ ᠨᠢ 2015 ᠣᠨ ᠤ11 ᠳ᠋ᠦ᠋ᠭᠡᠷ | ᠰᠠᠷ᠎ᠠ ᠶᠢᠨ 15 ᠤ ᠡᠳᠦᠷ᠃ |