ᠲᠦᠩᠯᠢᠶᠣᠤ ᠬᠤᠲᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ | — ᠭᠤᠣᠯ ᠮᠥᠷᠡᠨ ᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠥᠷᠭᠡᠨ ᠲᠥᠯᠬᠢᠨ ᠠᠬᠢᠭᠤᠯᠵᠤ | ᠪᠤᠢ᠃ ᠵᠠᠰᠠᠬᠤ ᠡᠭᠦᠷᠭᠡ ᠨᠡᠶᠢᠲᠡ 20 ᠵᠦᠢᠯ ᠪᠠᠶᠢᠵᠤ᠂ ᠡᠭᠦᠨ ᠳᠤ ᠭᠤᠣᠯ ᠴᠢᠳᠬᠤᠯᠠᠩ ᠢ ᠵᠠᠰᠠᠬᠤ 4 ᠵᠦᠢᠯ | ᠪᠣᠯᠣᠨ ᠳᠤᠮᠳᠠ ᠵᠢᠵᠢᠭ ᠭᠤᠣᠯ ᠮᠥᠷᠡᠨ ᠢ ᠵᠠᠰᠠᠬᠤ 16 ᠵᠦᠢᠯ ᠪᠠᠭᠲᠠᠨ᠎ᠠ᠃ ᠣᠳᠣᠬᠠᠨ ᠳᠤ᠂ ᠬᠤᠣᠯᠢᠨ ᠭᠤᠣᠯ | ᠬᠤᠲᠠ ᠶᠢ ᠵᠠᠰᠠᠬᠤ ᠢᠨᠵᠧᠨᠧᠷᠢᠩ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠮᠧᠲᠷ ᠰᠢᠷᠣᠶ ᠶᠢᠨ | ᠢᠨᠵᠧᠨᠧᠷᠢᠩ ᠢ 100% ᠪᠠᠷ ᠪᠡᠶᠡᠯᠡᠭᠦᠯᠵᠦ᠂ ᠴᠢᠯᠠᠭᠤᠨ ᠰᠢᠩᠭᠡᠯᠢᠭ ᠢᠶᠠᠷ ᠡᠷᠭᠢ ᠬᠠᠮᠠᠭᠠᠯᠠᠬᠤ ᠢᠨᠵᠧᠨᠧᠷᠢᠩ ᠢ | 10 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠤ ᠪᠠᠷ ᠲᠥᠯᠥᠪᠯᠡᠵᠦ ᠪᠤᠢ︔ ᠦᠯᠵᠡᠶᠢᠮᠦ᠋ᠷᠡᠨ ᠭᠤᠣᠯ | ᠪᠣᠯᠤᠨ ᠰᠢᠷᠠᠮᠦ᠋ᠷᠡᠨ ᠭᠤᠣᠯ ᠣᠳᠣ ᠶᠠᠭ ᠠᠩᠬ᠎ᠠ ᠠᠯᠬᠤᠮ ᠤᠨ ᠵᠢᠷᠤᠭ ᠲᠥᠯᠥᠪᠯᠡᠭᠡ ᠪᠠᠨ ᠨᠠᠶᠢᠷᠠᠭᠤᠯᠤᠨ ᠵᠣᠬᠢᠶᠠᠵᠤ᠂ | ᠰᠢᠨᠺᠠᠢ ᠾᠧ ᠭᠤᠣᠯ ᠤᠨ ᠬᠡᠷᠡᠭᠵᠢᠭᠦᠯᠦᠭᠳᠡᠬᠦᠶᠢᠴᠡ ᠰᠤᠳᠤᠯᠤᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠪᠠ᠃ | 16 ᠵᠦᠢᠯ ᠳᠤ ᠳᠤᠮᠳᠠ ᠵᠢᠵᠢᠭ ᠭᠤᠣᠯ ᠮᠥᠷᠡᠨ ᠢ ᠵᠠᠰᠠᠬᠤ ᠢᠨᠵᠧᠨᠧᠷᠢᠩ ᠤᠨ 4 ᠵᠦᠢᠯ ᠢ ᠨᠢ ᠨᠢᠭᠡᠨᠲᠡ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠪᠠᠷᠢᠯᠭ᠎ᠠ ᠳᠠᠭᠤᠰᠬᠠᠭᠰᠠᠨ ᠰᠢᠯᠭᠠᠨ | ᠬᠤᠷᠢᠶᠠᠯᠲᠠ ᠬᠢᠵᠦ᠂ ᠦᠯᠡᠳᠡᠭᠰᠡᠨ 12 ᠵᠦᠢᠯ ᠢ ᠨᠢ ᠵᠢᠯ ᠤᠨ ᠡᠴᠦᠰ ᠲᠤ ᠳᠠᠭᠤᠰᠬᠠᠬᠤ ᠪᠠᠷ ᠲᠥᠯᠥᠪᠯᠡᠵᠦ ᠪᠤᠢ᠃ | |