ᠥᠪᠥᠷ ᠮᠣᠩᠭᠤᠯ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠭᠦᠢᠴᠡᠳᠬᠡᠵᠦ ᠪᠣᠯᠬᠤ 114 ᠴᠢᠭ᠋ ᠢ ᠨᠡᠶᠢᠲᠡᠯᠡᠪᠡ
ᠨᠡᠶᠢᠲᠡᠯᠡᠭᠰᠡᠨ ᠴᠠᠭ᠄
2015/10/8
     ᠠᠷᠠᠳ ᠣᠯᠠᠨ ᠳᠤ ᠨᠡᠩ ᠰᠠᠶᠢᠲᠤᠷ ᠦᠢᠯᠡᠴᠢᠯᠡᠨ᠂ ᠨᠡᠩ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠨᠭ᠍ᠭᠠᠬᠤ ᠶᠢᠨ ᠲᠤᠰᠠᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠷᠣᠨ ᠤ ᠳᠣᠲᠣᠷ᠎ᠠ ᠣᠨᠳᠣᠣ ᠭᠠᠵᠠᠷ ᠭᠦᠢᠴᠡᠳᠬᠡᠬᠦ ᠣᠯᠠᠨ ᠲᠦᠮᠡᠨ ᠳᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠣᠳᠣᠬᠠᠨ ᠳᠤ᠂ ᠪᠥᠬᠦ ᠣᠷᠣᠨ ᠤ 12 ᠠᠶᠢᠮᠠᠭ ᠬᠤᠲᠠ ᠴᠥᠮ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠬᠦᠯᠢᠶᠡᠨ ᠠᠪᠴᠤ ᠭᠦᠢᠴᠡᠳᠬᠡᠬᠦ ᠨᠥᠬᠦᠴᠡᠯ ᠢ ᠪᠦᠷᠢᠳᠦᠭᠦᠯᠪᠡ᠃ ᠥᠴᠥᠭᠡᠳᠦᠷ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠵᠤ ᠮᠡᠳᠡᠭᠰᠡᠨ ᠢᠶᠠᠷ᠂ ᠪᠦᠬᠦ ᠣᠷᠣᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠬᠦᠯᠢᠶᠡᠨ ᠠᠪᠴᠤ ᠭᠦᠢᠴᠡᠳᠬᠡᠬᠦ ᠴᠢᠭ᠋ ᠨᠡᠶᠢᠲᠡ 114 ᠪᠠᠶᠢᠵᠤ᠂ ᠡᠭᠦᠨ ᠳᠤ ᠬᠥᠬᠡᠬᠤᠲᠠ ᠳᠤ 9᠂ ᠪᠤᠭᠤᠲᠤ ᠬᠤᠲᠠ ᠳᠤ 11᠂ ᠤᠯᠠᠭᠠᠨᠬᠠᠳᠠ ᠬᠤᠲᠠ ᠳᠤ 13᠂ ᠦᠬᠠᠶ ᠬᠤᠲᠠ ᠳᠤ 3᠂ ᠣᠷᠳᠣᠰ ᠬᠤᠲᠠ ᠳᠤ 9᠂ ᠤᠯᠠᠭᠠᠨᠴᠠᠪ ᠬᠤᠲᠠ ᠳᠤ 11᠂ ᠬᠢᠨᠭ᠍ᠭᠠᠨ ᠠᠶᠢᠮᠠᠭ ᠲᠤ 6᠂ ᠬᠥᠯᠥᠨ ᠪᠤᠶᠢᠷ ᠬᠤᠲᠠ ᠳᠤ 17᠂ ᠠᠯᠠᠱᠠ ᠠᠶᠢᠮᠠᠭ ᠲᠤ 5᠂ ᠪᠠᠶᠠᠨᠨᠠᠭᠤᠷ ᠬᠤᠲᠠ ᠳᠤ 8᠂ ᠲᠦᠡᠭᠯᠢᠶᠣᠣ ᠬᠤᠲᠠ ᠳᠤ 9 ᠪᠠᠶᠢᠵᠤ ᠂ ᠰᠢᠯᠢ ᠶᠢᠨ ᠭᠤᠣᠯ ᠠᠶᠢᠮᠠᠭ ᠲᠤ 13 ᠪᠣᠢ᠃ ᠬᠦᠯᠢᠶᠡᠨ ᠠᠪᠴᠤ ᠭᠦᠢᠴᠡᠳᠬᠡᠬᠦ ᠴᠢᠭ᠋ ᠤᠨ ᠨᠠᠷᠢᠨ ᠪᠠᠶᠢᠳᠠᠯ ᠨᠢ ᠳᠣᠣᠷᠠᠬᠢ ᠮᠡᠲᠦ᠄      ᠬᠥᠬᠡᠬᠤᠲᠠ ᠳᠤ ᠨᠡᠶᠢᠲᠡ 9 ᠪᠣᠢ      ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠸᠡᠭᠭᠤᠸᠠᠨ ᠪᠠᠯᠭᠠᠰᠤ ᠳᠠᠬᠢ ᠲᠣᠮᠢᠯᠠᠭᠰᠠᠨ ᠰᠠᠯᠪᠤᠷᠢ᠂ ᠬᠤᠲᠣᠩ ᠠᠷᠠᠳ ᠤᠨ ᠲᠣᠭᠤᠷᠢᠭ ᠤᠨ ᠬᠤᠲᠠ ᠶᠢᠨ ᠠᠷᠠᠳ ᠲᠤ ᠦᠢᠯᠡᠴᠢᠯᠡᠬᠦ ᠲᠢᠩᠬᠢᠮ᠂ ᠴᠢᠩ ᠱᠦᠢ ᠡᠾᠧ ᠰᠢᠶᠠᠨ ᠤ ᠵᠠᠰᠠᠭ ᠤᠨ ᠶᠠᠪᠤᠳᠠᠯ ᠤᠨ ᠲᠥᠪ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠤᠷᠪᠤᠭ᠎ᠠ ᠳᠠᠬᠢ ᠲᠣᠮᠢᠯᠠᠭᠰᠠᠨ ᠰᠠᠯᠪᠤᠷᠢ᠂ ᠲᠥᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠠᠰᠤᠴᠢ ᠪᠠᠯᠭᠠᠰᠤ ᠳᠠᠬᠢ ᠲᠣᠮᠢᠯᠠᠭᠰᠠᠨ ᠰᠠᠯᠪᠤᠷᠢ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠰᠠᠯᠠᠭ᠎ᠠ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠰᠠᠯᠠᠭ᠎ᠠ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠩ ᠡᠾᠧ ᠯᠠᠩ ᠳᠠᠬᠢ ᠲᠣᠮᠢᠯᠠᠭᠰᠠᠨ ᠰᠠᠯᠪᠤᠷᠢ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠬᠡ ᠡᠷᠭᠢ ᠪᠠᠯᠭᠠᠰᠤ ᠳᠠᠬᠢ ᠲᠣᠮᠢᠯᠠᠭᠰᠠᠨ ᠰᠠᠯᠪᠤᠷᠢ ᠪᠣᠯᠤᠨ᠎ᠠ᠃      ᠪᠤᠭᠤᠲᠤ ᠬᠤᠲᠠ ᠳᠤ ᠨᠡᠶᠢᠲᠡ 11 ᠪᠣᠢ      ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︵ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ︶᠂ ᠬᠥᠨᠳᠡᠯᠡᠨ ᠲᠣᠭᠤᠷᠢᠭ ᠤᠨ ᠬᠤᠲᠠ ᠶᠢᠨ ᠠᠷᠠᠳ ᠤᠨ ᠲᠠᠩᠬᠢᠮ᠂ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠦᠨᠡᠮᠯᠡᠯ ᠭᠦᠢᠴᠡᠳᠬᠡᠬᠦ ᠲᠢᠩᠬᠢᠮ᠂ ᠳ᠋ᠦᠡᠭᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠨ ᠰᠢᠩ ᠶᠡᠭᠡ ᠵᠡᠭᠡᠯᠢ ᠎ ᠳᠠᠬᠢ ᠲᠣᠮᠢᠯᠠᠭᠰᠠᠨ ᠰᠠᠯᠪᠤᠷᠢ᠂ ᠵᠢᠤᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠎ ᠳᠠᠬᠢ ᠰᠠᠶᠢᠬᠠᠨ ᠲᠣᠮᠢᠯᠠᠭᠰᠠᠨ ᠰᠠᠯᠪᠤᠷᠢ᠂ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠪᠣᠷ ᠰᠢᠷᠤᠢ ᠶᠢᠨ ᠵᠠᠮ ᠳᠠᠬᠢ ᠲᠣᠮᠢᠯᠠᠭᠰᠠᠨ ᠰᠠᠯᠪᠤᠷᠢ᠂ ᠭᠦᠶᠡᠩ ᠰᠢᠶᠠᠨ ᠤ ᠵᠠᠰᠠᠭ ᠤᠨ ᠶᠠᠪᠤᠳᠠᠯ ᠤᠨ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ᠂ ᠪᠠᠶᠠᠨ ᠣᠪᠣᠭ᠎ᠠ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠭᠤᠷᠬᠠᠢ ᠶᠢᠨ ᠵᠠᠮ ᠎ ᠳᠠᠬᠢ ᠲᠣᠮᠢᠯᠠᠭᠰᠠᠨ ᠰᠠᠯᠪᠤᠷᠢ᠂ ᠰᠢᠭᠤᠶᠢᠲᠤ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠭᠤᠶᠢᠲᠤ ᠶᠢᠨ ᠡᠷᠦᠬᠡ ᠠᠮᠠ ᠶᠢᠨ ᠲᠢᠩᠬᠢᠮ᠂ ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ᠬᠤᠲᠠ ᠶᠢᠨ ᠠᠷᠠᠳ ᠤᠨ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ᠂ ᠲᠦᠮᠡᠳ ᠪᠠᠷᠠᠭᠤᠨ ᠬᠤᠰᠢᠭᠤᠨ ᠤ ᠮᠢᠨ ᠱᠸᠡᠭ ᠠᠰᠠᠷ ᠤᠨ ᠡᠷᠦᠬᠡ ᠠᠮᠠ ᠶᠢᠨ ᠶᠠᠪᠤᠳᠠᠯ ᠤᠨ ᠲᠢᠩᠬᠢᠮ ᠪᠣᠯᠣᠨ᠎ᠠ᠃      ᠤᠯᠠᠭᠠᠨᠬᠠᠳᠠ ᠬᠤᠲᠠ ᠳᠤ ᠨᠡᠶᠢᠲᠡ 13 ᠪᠣᠢ      ᠬᠤᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠶᠣᠸᠠᠨ ᠪᠣᠣ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠢᠦᠢ ᠯᠥᠡᠭ ᠎ ᠳᠠᠬᠢ ᠲᠣᠮᠢᠯᠠᠭᠰᠠᠨ ᠰᠠᠯᠪᠤᠷᠢ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠲᠢᠩᠬᠢᠮ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠢᠯᠡᠴᠢᠯᠡᠭᠡᠨ ᠤ ᠲᠢᠩᠬᠢᠮ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠢᠯᠡᠴᠢᠯᠡᠭᠡᠨ ᠤ ᠲᠢᠩᠬᠢᠮ᠂ ᠬᠡᠰᠢᠭᠲᠡᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠡᠮᠯᠡᠯ ᠭᠦᠢᠴᠡᠳᠬᠡᠬᠦ ᠲᠢᠩᠬᠢᠮ᠂ ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ᠂ ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠢᠶᠧ ᠰᠢ ᠳᠠᠬᠢ ᠲᠣᠮᠢᠯᠠᠭᠰᠠᠨ ᠰᠠᠯᠪᠤᠷᠢ᠂ ᠠᠤᠬᠠᠨ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠴᠣᠩᠬᠤ ᠪᠣᠯᠣᠨ᠎ᠠ᠃      ᠦᠬᠠᠶ ᠬᠤᠲᠠ ᠳᠤ ᠨᠡᠶᠢᠲᠡ 3 ᠪᠣᠢ      ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠵᠠᠬᠢᠷᠭᠠᠨ ᠤ ᠵᠠᠰᠠᠭ ᠤᠨ ᠶᠠᠪᠤᠳᠠᠯ ᠤᠨ ᠲᠥᠪ᠂ ᠤᠳᠠ ᠲᠣᠭᠤᠷᠢᠭ ᠤᠨ ᠵᠠᠰᠠᠭ ᠵᠠᠬᠢᠷᠭᠠᠨ ᠤ ᠵᠠᠰᠠᠭ ᠤᠨ ᠶᠠᠪᠤᠳᠠᠯ ᠤᠨ ᠲᠥᠪ᠂ ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠲᠥᠪ ᠪᠣᠯᠤᠨ᠎ᠠ᠃      ᠣᠷᠳᠣᠰ ᠬᠤᠲᠠ ᠳᠤ ᠨᠡᠶᠢᠲᠡ 9 ᠪᠣᠢ      ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠳ᠋ᠦᠩᠱᠧᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠣᠲᠤᠭ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨ ᠪᠠᠯᠭᠠᠰᠤ ᠳᠠᠬᠢ ᠲᠣᠮᠢᠯᠠᠭᠰᠠᠨ ᠰᠠᠯᠪᠤᠷᠢ᠂ ᠣᠲᠤᠭ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠯᠵᠠᠴᠢ ᠪᠠᠯᠭᠠᠰᠤ ᠳᠠᠬᠢ ᠲᠣᠮᠢᠯᠠᠭᠰᠠᠨ ᠰᠠᠯᠪᠤᠷᠢ᠂ ᠬᠠᠩᠭᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠬᠢᠶᠠ ᠪᠠᠭᠰᠢ ᠳᠠᠬᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠡᠵᠡᠨᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠠᠭᠳᠠᠷ ᠲᠠᠬᠢ ᠨᠢᠭᠡᠳᠦᠭᠡᠷ ᠲᠣᠮᠢᠯᠠᠭᠰᠠᠨ ᠰᠠᠯᠪᠤᠷᠢ ᠪᠣᠯᠣᠨ᠎ᠠ᠃       ᠤᠯᠠᠭᠠᠨᠴᠠᠪ ᠬᠤᠲᠠ ᠳᠤ ᠨᠡᠶᠢᠲᠡ 11 ᠪᠣᠢ       ᠴᠠᠬᠠᠷ ᠤᠨ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠲᠥᠪ᠂ ᠴᠠᠬᠠᠷ ᠤᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ᠂ ᠴᠠᠬᠠᠷ ᠤᠨ ᠪᠠᠷᠠᠭᠤᠨ ᠭᠠᠷᠤᠨ ᠳᠤᠮᠳᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠲᠥᠪ ᠤᠨ 9 ᠨᠣᠮᠧᠷᠲᠤ ᠠᠰᠠᠷ ᠤᠨ 4 ᠨᠣᠮᠧᠷ ᠤᠨ ᠲᠢᠩᠬᠢᠮ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠲᠢᠩᠬᠢᠮ᠂ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠡ ᠶᠢᠨ ᠡᠷᠦᠬᠡ ᠠᠮᠠ ᠶᠢᠨ ᠶᠠᠪᠤᠳᠠᠯ ᠤᠨ ᠲᠢᠩᠬᠢᠮ᠂ ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠤᠨ ᠵᠠᠰᠠᠭ ᠤᠨ ᠶᠠᠪᠤᠳᠠᠯ ᠤᠨ ᠲᠢᠩᠬᠢᠮ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠯᠠᠨ ᠲᠦᠮᠡᠨ ᠳᠤ ᠳᠥᠭᠦᠮ ᠦᠵᠡᠭᠦᠯᠬᠦ ᠲᠢᠩᠬᠢᠮ᠂ ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠢᠩᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠳᠥᠷᠪᠡᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯᠣᠨ᠎ᠠ᠃      ᠬᠢᠩᠭᠠᠨ ᠠᠶᠢᠮᠠᠭ ᠲᠤ ᠨᠡᠶᠢᠲᠡ 6 ᠪᠣᠢ      ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠸᠠᠩᠮᠢᠩ ᠳᠠᠬᠢ ᠲᠣᠮᠢᠯᠠᠭᠰᠠᠨ ᠰᠠᠯᠪᠤᠷᠢ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠩᠭᠠᠨ ᠳᠠᠬᠢ ᠲᠣᠮᠢᠯᠠᠭᠰᠠᠨ ᠰᠠᠯᠪᠤᠷᠢ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠲᠢᠩᠬᠢᠮ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠳᠠᠬᠢ ᠲᠣᠮᠢᠯᠠᠭᠰᠠᠨ ᠰᠠᠯᠪᠤᠷᠢ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠸᠧᠨ ᠳᠠᠬᠢ ᠲᠣᠮᠢᠯᠠᠭᠰᠠᠨ ᠰᠠᠯᠪᠤᠷᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠡᠮᠯᠡᠯ ᠭᠦᠢᠴᠡᠳᠬᠡᠬᠦ ᠲᠢᠩᠬᠢᠮ ᠪᠣᠯᠣᠨ᠎ᠠ᠃      ᠬᠥᠯᠥᠨ ᠪᠤᠶᠢᠷ ᠬᠤᠲᠠ ᠳᠤ ᠨᠡᠶᠢᠲᠡ 17 ᠪᠣᠢ      ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠶᠠᠪᠤᠳᠠᠯ ᠤᠨ ᠲᠢᠩᠬᠢᠮ᠂ ᠮᠠᠨᠵᠤᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠠᠳᠠᠨ᠎ᠠ ᠠᠴᠠ ᠢᠷᠡᠭᠰᠡᠨ ᠬᠥᠮᠦᠨ ᠠᠮᠠ ᠶᠢᠨ ᠠᠯᠪᠠᠨ ᠭᠡᠷ᠂ ᠵᠡᠯᠡᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠤᠨ ᠠᠯᠪᠠᠨ ᠭᠡᠷ᠂ ᠭᠡᠭᠡᠨ ᠭᠤᠣᠯ ᠤᠨ ᠬᠥᠭᠦᠷᠭᠡ ᠶᠢᠨ ᠪᠠᠷᠠᠭᠤᠨ ᠳᠠᠬᠢ ᠲᠣᠮᠢᠯᠠᠭᠰᠠᠨ ᠰᠠᠯᠪᠤᠷᠢ᠂ ᠭᠡᠭᠡᠨ ᠭᠤᠣᠯ ᠤᠨ ᠡᠷᠦᠬᠡ ᠠᠮᠠ ᠶᠢᠨ ᠶᠠᠪᠤᠳᠠᠯ ᠤᠨ ᠠᠯᠪᠠᠨ ᠭᠡᠷ᠂ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠯᠠᠪᠳᠠᠷᠢᠨ ᠳᠠᠬᠢ ᠬᠤᠶᠠᠳᠤᠭᠠᠷ ᠲᠣᠮᠢᠯᠠᠭᠰᠠᠨ ᠰᠠᠯᠪᠤᠷᠢ᠂ ᠡᠷᠭᠦᠨ᠎ᠡ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠬᠠᠭᠤᠴᠢᠨ ᠪᠠᠷᠭᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠶᠡᠭᠡ ᠠᠩᠭᠢ᠂ ᠡᠸᠡᠩᠬᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠮᠦᠨ᠎ᠡ ᠵᠡᠭᠡᠯᠢ ᠎ ᠳᠠᠬᠢ ᠲᠣᠮᠢᠯᠠᠭᠰᠠᠨ ᠰᠠᠯᠪᠤᠷᠢ᠂ ᠡᠸᠡᠩᠬᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠶᠡᠭᠡ ᠠᠩᠭᠢ᠂ ᠣᠷᠴᠣᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠶᠡᠭᠡ ᠠᠩᠭᠢ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠢᠩᠬᠢᠮ᠂ ᠠᠷᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠤᠨ ᠠᠯᠪᠠᠨ ᠭᠡᠷ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠨ ᠱᠠᠲᠤᠨ ᠤ ᠰᠠᠭᠤᠷᠢ ᠰᠠᠯᠪᠤᠷᠢ᠂ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠳᠠᠬᠢ ᠲᠣᠮᠢᠯᠠᠭᠰᠠᠨ ᠰᠠᠯᠪᠤᠷᠢ᠂ ᠰᠢᠨ᠎ᠡ ᠪᠠᠷᠭᠤ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠶᠠᠭᠰᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯᠣᠨ᠎ᠠ᠃      ᠠᠯᠠᠱᠠ ᠠᠶᠢᠮᠠᠭ ᠲᠤ ᠨᠡᠶᠢᠲᠡ 5 ᠪᠣᠢ      ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠠᠬᠤᠶ ᠶᠢᠨ ᠨᠡᠬᠡᠬᠡᠯᠲᠡ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠩᠷᠢ ᠎ ᠳᠠᠬᠢ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠣᠯᠣᠨ᠎ᠠ᠃      ᠪᠠᠶᠠᠨᠨᠠᠭᠤᠷ ᠬᠤᠲᠠ ᠳᠤ ᠨᠡᠶᠢᠲᠡ 8 ᠪᠣᠢ      ᠯᠢᠩᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠨᠭ᠍ᠭᠢᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠦᠶᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳ᠋ᠧᠩᠺᠧᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠷᠠᠳ ᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠡᠬᠡᠬᠡᠯᠲᠡ ᠶᠢᠨ ᠲᠣᠭᠤᠷᠢᠭ ᠤᠨ ᠬᠤᠪᠢᠶᠠᠷᠢ ᠲᠣᠪᠴᠢᠶ᠎ᠠ᠃      ᠲᠦᠩᠯᠢᠶᠣᠤ ᠬᠤᠲᠠ ᠳᠤ ᠨᠡᠶᠢᠲᠡ 9 ᠪᠣᠢ      ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠷᠴᠢᠨ ᠵᠡᠭᠦᠨ ᠭᠠᠷᠤᠨ ᠳᠤᠮᠳᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂  ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠦᠷᠢᠶ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠣᠯᠢᠨ ᠭᠤᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠨᠡᠭᠡᠭᠡᠨ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠣᠯᠣᠨ᠎ᠠ᠃      ᠰᠢᠯᠢ ᠶᠢᠨ ᠭᠤᠣᠯ ᠠᠶᠢᠮᠠᠭ ᠲᠤ 13 ᠪᠣᠢ      ᠰᠢᠯᠢ ᠶᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠦᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠶᠢᠫᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠦᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号