ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ  ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/10/8
     9 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠠ᠂ ᠦᠪᠠᠷᠳᠡᠭᠡᠨ ᠵᠠᠰᠠᠬᠤ ᠤᠷᠤᠨ ᠤ ᠵᠠᠰᠠᠭ ᠤᠨ  ᠤᠷᠳᠤᠨ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ  ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ  ᠲᠤᠭᠤᠷᠢᠭ ᠢ ᠦᠬᠡᠷᠡᠴᠢᠯᠡᠠ ᠪᠠᠶᠢᠭᠤᠯᠬᠤ ᠠᠵᠢᠯ ᠤᠨ ᠠᠬᠢᠴᠠ ᠶᠢ ᠮᠡᠳᠡᠭᠳᠡᠵᠦ᠂ ᠤᠳᠤᠬᠠᠨ ᠤ ᠠᠵᠢᠯ ᠤᠨ ᠲᠤᠮᠳᠠ  ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠠᠳᠠᠯᠤᠨ ᠰᠢᠨᠵᠢᠯᠠᠵᠦ᠂ ᠲᠠᠷᠠᠭᠠᠴᠢ ᠶᠢᠨ ᠠᠵᠢᠯ ᠢ  ᠪᠠᠶᠢᠷᠢᠯᠠᠭᠤᠯᠪᠠ᠃            ᠦᠪᠠᠷᠳᠡᠭᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠨ ᠶᠠᠷᠢᠶ᠎ᠠ  ᠲᠠᠯᠪᠢᠪᠠ᠃            ᠬᠤᠷᠠᠯ ᠠᠴᠠ᠂ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ  ᠪᠠᠶᠢᠭᠤᠯᠬᠤ ᠠᠵᠢᠯ ᠤᠨ ᠪᠠᠷᠢᠯᠭ᠎ᠠ ᠡᠬᠢᠯᠡᠬᠦᠯᠦᠭᠰᠡᠨ ᠨᠤᠷᠮ᠎ᠠ 85% ᠳᠤ ᠬᠦᠷᠴᠤ ᠪᠠᠶᠢᠭ᠎ᠠ ᠪᠤᠯᠪᠠᠴᠤ᠂ ᠵᠢᠯ ᠤᠨ  ᠡᠬᠢᠨ ᠳᠤ ᠲᠤᠭᠳᠠᠭᠠᠭᠰᠠᠨ ᠡᠭᠦᠷᠭᠡ ᠬᠠᠷᠠᠯᠳᠠ ᠶᠢᠨ ᠰᠠᠭᠤᠷᠢᠨ ᠲᠡᠭᠡᠷ᠎ᠠ ᠰᠡᠬᠦᠯᠡᠷ ᠨᠢ ᠪᠠᠰᠠ ᠡᠭᠦᠷᠭᠡ ᠨᠤᠷᠮ᠎ᠠ  ᠨᠡᠮᠡᠭᠰᠡᠨ ᠪᠤᠯᠬᠤᠷ᠂ ᠡᠭᠦᠷᠭᠡ ᠮᠠᠰᠢ ᠬᠦᠨᠳᠦ ᠬᠠᠳᠠᠭᠤᠵᠢᠯᠳᠠᠢ ᠪᠠᠶᠢᠨ᠎ᠠ ᠬᠡᠵᠦ ᠵᠢᠭᠠᠵᠦ ᠭᠠᠷᠭᠠᠪᠠ᠃ ᠬᠤᠷᠠᠯ ᠠᠴᠠ  ᠱᠠᠭᠠᠷᠳᠠᠭᠰᠠᠨ ᠨᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠢᠳᠡᠪᠬᠢᠳᠠᠢ ᠪᠠᠷ  ᠰᠢᠪᠳᠤᠯᠤᠯᠳᠠ ᠶᠢᠨ ᠴᠡᠭ ᠡᠷᠢᠵᠦ᠂ ᠠᠵᠢᠯ ᠤᠨ ᠲᠤᠮᠳᠠ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ  ᠰᠠᠶᠢᠳᠤᠷ ᠰᠢᠢᠳᠪᠤᠷᠢᠯᠡᠵᠦ᠂ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ  ᠪᠠᠶᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ︔ ᠪᠠᠯᠠ ᠮᠦᠡᠭᠭᠦ ᠬᠤᠷᠠᠮᠳᠤᠭᠤᠯᠬᠤ ᠵᠠᠬᠪᠤᠷ ᠤᠨ ᠰᠢᠨ᠎ᠠ ᠶᠢ  ᠡᠬᠦᠳᠬᠦ ᠪᠠᠷ ᠬᠦᠴᠦᠯᠠᠵᠦ᠂ ᠵᠠᠰᠠᠭ ᠤᠨ ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ  ᠠᠪᠬᠤ ᠵᠡᠷᠭᠡ ᠵᠠᠬᠪᠤᠷ ᠢ ᠢᠳᠡᠪᠬᠢᠳᠠᠢ ᠬᠠᠶᠢᠨ ᠰᠦᠪᠡᠭᠴᠢᠯᠠᠵᠦ᠂ ᠪᠠᠯᠠᠨ ᠮᠦᠡᠭᠭᠦ ᠪᠠᠷ ᠲᠦᠪᠬᠢᠨᠡᠬᠦᠯᠬᠦ ᠶᠢ ᠶᠡᠭᠡᠪᠡᠷ  ᠲᠡᠯᠭᠡᠷᠡᠬᠦᠯᠵᠦ᠂ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ  ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠳᠡᠢ︔ ᠵᠤᠬᠢᠶᠠᠨ ᠪᠠᠶᠢᠭᠤᠯᠬᠤ ᠵᠤᠬᠢᠴᠠᠭᠤᠯᠬᠤ ᠡᠷᠴᠢᠮ ᠢᠶᠠᠨ  ᠴᠢᠩᠭᠠᠷᠠᠭᠤᠯᠵᠤ᠂ ᠭᠠᠷᠠᠭ ᠲᠤ ᠨᠢᠭᠡ ᠤᠳᠠᠭ᠎ᠠ ᠪᠦᠷᠢᠳᠭᠡᠵᠤ᠂ ᠰᠠᠷ᠎ᠠ ᠳᠤ ᠨᠢᠭᠡ ᠤᠳᠠᠭ᠎ᠠ ᠵᠠᠷᠯᠠᠵᠦ᠂ ᠤᠯᠠᠷᠢᠯ ᠳᠤ  ᠨᠢᠭᠡ ᠤᠳᠠᠭ᠎ᠠ ᠱᠠᠯᠠᠪᠳᠠᠭᠤᠯᠤᠨ ᠪᠠᠶᠢᠴᠠᠭᠠᠵᠤ᠂ ᠵᠢᠯ ᠤᠨ ᠡᠴᠦᠰ ᠲᠤ ᠬᠢᠨᠠᠨ ᠦᠨᠡᠯᠡᠬᠦ ᠲᠦᠷᠢᠮ ᠢ ᠬᠡᠷᠡᠭᠵᠢᠬᠦᠯᠵᠦ᠂  ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠵᠢᠯ ᠤᠨ ᠡᠭᠦᠷᠭᠡ ᠪᠠᠨ ᠲᠤᠭ᠎ᠠ  ᠶᠤᠰᠤᠭᠠᠷ ᠬᠦᠢᠴᠡᠳᠬᠡᠬᠦ ᠶᠢ ᠪᠠᠳᠤᠯᠠᠬᠤ ᠬᠡᠷᠡᠭᠳᠡᠢ ᠬᠡᠪᠠ᠃      ᠬᠤᠷᠠᠯ ᠲᠡᠭᠡᠷ᠎ᠠ᠂ 12 ᠠᠶᠢᠮᠠᠭ ᠬᠤᠳᠠ ᠪᠤᠯᠤᠨ ᠦᠪᠤᠷ ᠮᠤᠩᠭᠤᠯ ᠤᠨ ᠤᠢ ᠰᠢᠭᠤᠢ ᠶᠢᠨ ᠠᠵᠤ  ᠦᠢᠯᠡᠳᠪᠤᠷᠢ ᠶᠢᠨ ᠪᠦᠯᠦᠭᠯᠡᠯ ᠤᠨ ᠬᠠᠷᠢᠭᠤᠴᠠᠯᠭᠠᠳᠠᠨ ᠲᠤᠰ ᠭᠠᠵᠠᠷ ᠤᠷᠤᠨ ᠤ ᠪᠠᠨ ᠲᠦᠬᠦᠮ ᠪᠦᠳᠦᠴᠡᠳᠦ ᠤᠷᠤᠨ  ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号