ᠦᠨᠳᠦᠰᠦᠲᠡᠨ ᠤ ᠭᠠᠵᠠᠷ ᠣᠷᠣᠨ ᠤ ᠮᠣᠩᠭᠤᠯ ᠬᠢᠲᠠᠳ ᠬᠤᠤᠰ ᠬᠡᠯᠡᠨ ᠤ ᠬᠠᠤᠯᠢᠴᠢ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠨᠢᠭᠡ ᠪᠦᠯᠦᠭ | ᠤᠯᠤᠰ ᠲᠥᠷᠥ ᠶᠢᠨ ᠵᠣᠭᠰᠣᠯᠲᠠ ᠪᠠᠷ ᠪᠠᠲᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠰᠠᠶᠢᠨ᠂ ᠲᠤᠭ᠎ᠠ | ᠬᠡᠮᠵᠢᠶ᠎ᠡ ᠨᠢ ᠨᠡᠯᠢᠶᠡᠳ ᠪᠦᠷᠢᠨ ᠭᠦᠢᠴᠡᠳ᠂ ᠦᠨᠳᠦᠰᠦᠲᠡᠨ ᠤ ᠭᠠᠵᠠᠷ ᠣᠷᠣᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯ ᠤᠨ ᠬᠡᠷᠡᠭᠴᠡᠭᠡ ᠶᠢ ᠬᠠᠩᠭᠠᠵᠤ ᠴᠢᠳᠠᠬᠤ ᠬᠤᠤᠰ ᠬᠡᠯᠡ ᠲᠠᠢ ᠬᠠᠤᠯᠢᠴᠢ ᠶᠢᠨ ᠡ᠊ᠡᠭᠨᠡᠭᠡ ᠶᠢ | ᠠᠯᠬᠤᠮ ᠠᠯᠬᠤᠮ ᠢᠶᠠᠷ ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠦᠪᠡᠷ ᠤᠨ ᠦᠨᠳᠦᠰᠦᠲᠡᠨ ᠤ ᠪᠠᠨ ᠦᠭᠡ | ᠬᠡᠯᠡ ᠪᠠᠷ ᠵᠠᠷᠭᠤ ᠬᠢᠬᠦ ᠴᠢᠬᠤᠯᠠ ᠡᠷᠬᠡ ᠶᠢ ᠭᠦᠢᠴᠡᠳ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠢ | ᠠᠬᠢᠭᠤᠯᠬᠤ ᠶᠢᠨ ᠲᠤᠯᠠᠳᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠠᠷ ᠵᠦᠪᠰᠢᠶᠡᠷᠡᠭᠦᠯᠦᠭᠡᠳ᠂ | ᠬᠤᠷᠴᠢᠨ ᠵᠡᠬᠦᠨ ᠭᠠᠷᠤᠨ ᠬᠤᠶᠢᠲᠤ ᠬᠤᠰᠢᠭᠤᠨ ᠳᠤ ᠬᠤᠤᠰ ᠬᠡᠯᠡᠨ ᠤ ᠬᠠᠤᠯᠢᠴᠢ ᠶᠢᠨ ᠪᠤᠯᠪᠠᠰᠤᠷᠠᠯ ᠤᠨ ᠰᠠᠭᠤᠷᠢᠨ | ᠭᠠᠵᠠᠷ ᠪᠠᠶᠢᠭᠤᠯᠬᠤ ᠪᠠᠷ ᠲᠣᠭᠲᠠᠪᠠ᠃ ᠬᠤᠤᠰ ᠬᠡᠯᠡᠨ ᠤ ᠬᠠᠤᠯᠢᠴᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ | ᠡᠭᠦᠷᠭᠡ ᠴᠢᠳᠠᠪᠤᠷᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢᠨ ᠲᠤᠯᠠᠳᠠ᠂ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠠᠴᠠ ︽ᠲᠦᠡᠭᠯᠢᠶᠤᠤ ᠬᠤᠲᠠ ᠶᠢᠨ ᠬᠤᠤᠰ ᠬᠡᠯᠡᠨ ᠤ ᠬᠠᠤᠯᠢᠴᠢ ᠶᠢᠨ ᠪᠤᠯᠪᠠᠰᠤᠷᠠᠯ ᠤᠨ | ᠰᠠᠭᠤᠷᠢᠨ ᠭᠠᠵᠠᠷ ᠤᠨ ᠠᠵᠢᠯ ᠤᠨ ᠳᠦᠷᠢᠮ︾ ᠲᠤᠭᠲᠠᠭᠠᠨ᠂ ᠰᠠᠭᠤᠷᠢᠨ ᠭᠠᠵᠠᠷ ᠢ ᠬᠠᠮᠢᠶᠠᠷᠬᠤ ᠠᠵᠢᠯ ᠢ ᠨᠠᠷᠢᠨ | ᠨᠢᠭᠲᠠ ᠪᠠᠶᠢᠷᠢᠯᠠᠭᠤᠯᠤᠨ ᠲᠤᠬᠢᠷᠠᠭᠤᠯᠤᠭᠰᠠᠨ ᠪᠠᠶᠢᠨ᠎ᠠ᠃ ᠪᠤᠯᠪᠠᠰᠤᠷᠠᠭᠤᠯᠤᠯ ᠤᠨ ᠲᠠᠯ᠎ᠠ ᠪᠠᠷ᠂ ᠰᠠᠭᠤᠷᠢᠨ | ᠭᠠᠵᠠᠷ ᠤᠨ ᠬᠢᠨ ᠲᠤᠭᠲᠠᠮᠠᠯ ᠬᠤᠭᠤᠴᠠᠭ᠎ᠠ ᠲᠠᠢ ᠪᠠᠷ ᠬᠤᠤᠰ ᠬᠡᠯᠡᠨ ᠤ ᠬᠠᠤᠯᠢᠴᠢ ᠶᠢᠨ ᠪᠣᠯᠪᠠᠰᠤᠷᠠᠯ ᠤᠨ ᠠᠩᠭᠢ | ᠡᠷᠬᠢᠯᠡᠵᠦ᠂ ᠬᠠᠤᠯᠢ ᠶᠢᠨ ᠤᠬᠠᠭᠠᠨ ᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠵᠢᠴᠢ ᠠᠯᠳᠠᠷ ᠬᠦᠨᠳᠦ ᠲᠠᠢ | ᠬᠠᠤᠯᠢᠴᠢ ᠶᠢ ᠤᠷᠢᠨ ᠬᠢᠴᠢᠶᠡᠯ ᠣᠷᠣᠭᠤᠯᠵᠤ᠂ ᠡᠭᠡᠯᠵᠢᠯᠡᠨ ᠪᠤᠯᠪᠠᠰᠤᠷᠠᠭᠤᠯᠬᠤ᠂ ᠲᠦᠪᠯᠡᠷᠡᠭᠦᠯᠦᠨ | ᠪᠣᠯᠪᠠᠰᠤᠷᠠᠭᠤᠯᠬᠤ ᠵᠡᠷᠭᠡ ᠣᠯᠠᠨ ᠵᠦᠢᠯ ᠤᠨ ᠬᠢᠴᠢᠶᠡᠯᠯᠡᠬᠦ ᠠᠷᠭ᠎ᠠ ᠶᠢ ᠬᠡᠷᠡᠭᠯᠡᠵᠤ᠂ ᠮᠣᠩᠭᠤᠯ ᠬᠢᠲᠠᠳ ᠬᠤᠤᠰ | ᠬᠡᠯᠡᠨ ᠤ ᠬᠠᠤᠯᠢᠴᠢ ᠶᠢᠨ ᠪᠣᠯᠪᠠᠰᠤᠷᠠᠯ ᠢ ᠪᠦᠬᠦ ᠬᠤᠲᠠ ᠳᠤ ᠬᠠᠮᠤᠷᠬᠤ ᠶᠢ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ | ᠤᠬᠠᠭᠤᠯᠭ᠎ᠠ ᠶᠢᠨ ᠲᠠᠯ᠎ᠠ ᠪᠠᠷ᠂ ᠰᠠᠭᠤᠷᠢᠨ ᠭᠠᠵᠠᠷ ᠥᠪᠡᠷ ᠤᠨ ᠬᠠᠤᠯᠢᠴᠢ ᠶᠢᠨ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠠᠰᠢᠭᠯᠠᠨ ᠲᠤᠭᠲᠠᠮᠠᠯ ᠬᠤᠭᠤᠴᠠᠭ᠎ᠠ ᠲᠠᠢ ᠪᠠᠷ ᠰᠠᠭᠤᠭ᠎ᠠ ᠭᠠᠵᠠᠷ ᠤᠨ ᠢᠶᠠᠨ ᠣᠯᠠᠨ ᠲᠦᠮᠡᠨ ᠳᠤ | ᠬᠠᠤᠯᠢ ᠴᠠᠭᠠᠵᠠ ᠶᠢᠨ ᠲᠠᠶᠢᠯᠤᠮᠵᠢ ᠶᠢᠨ ᠬᠢᠴᠢᠶᠡᠯ ᠨᠡᠭᠡᠭᠡᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ ᠰᠤᠷᠲᠠᠯᠴᠢᠯᠠᠵᠤ᠂ ᠬᠠᠤᠯᠢ ᠪᠠᠷ ᠵᠠᠰᠠᠬᠤ ᠵᠦᠪ ᠬᠦᠴᠦᠨ ᠢ ᠤᠯᠠᠮᠵᠢᠯᠠᠨ ᠳᠡᠯᠭᠡᠷᠡᠭᠦᠯᠦᠨ᠎ᠡ᠃ | ᠦᠨᠳᠦᠰᠦᠨ ᠱᠠᠲᠤᠨ ᠤ ᠵᠥᠷᠢᠴᠡᠯ ᠢ ᠨᠠᠮᠳᠠᠭᠤᠯᠬᠤ ᠲᠠᠯ᠎ᠠ ᠪᠠᠷ᠂ ᠰᠠᠭᠤᠷᠢᠨ ᠭᠠᠵᠠᠷ ᠠᠴᠠ ᠦᠨᠳᠦᠰᠦᠨ ᠱᠠᠲᠤᠨ ᠤ | ᠬᠠᠤᠯᠢ ᠪᠠᠷ ᠵᠠᠰᠠᠬᠤ ᠡᠯ᠎ᠡ ᠵᠦᠢᠯ ᠤᠨ ᠠᠵᠢᠯ ᠳᠤ ᠢᠳᠡᠪᠬᠢᠲᠡᠶ ᠣᠷᠣᠯᠴᠠᠵᠤ᠂ ᠬᠠᠤᠯᠢ ᠵᠠᠷᠭᠤ ᠳᠤ ᠬᠤᠯᠪᠣᠭᠳᠠᠭᠰᠠᠨ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠂ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠢ ᠬᠠᠪᠰᠤᠷᠤᠨ | ᠡᠶᠡᠳᠡᠭᠦᠯᠵᠤ᠂ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠤᠷᠤᠯᠴᠠᠨ᠎ᠠ | ᠬᠡᠵᠠᠢ᠃ ᠬᠤᠤᠰ ᠬᠡᠯᠡᠨ ᠤ ᠬᠠᠤᠯᠢᠴᠢ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠨᠢ᠂ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ ᠳᠦᠷᠢᠮ ᠤᠨ ᠡᠩᠨᠡᠭᠡᠨ ᠤ ᠪᠠᠶᠢᠭᠤᠯᠤᠯᠲᠠ | ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠪᠠᠷᠢᠯ ᠪᠤᠯᠤᠨ᠎ᠠ︔ ᠮᠦᠨᠴᠦ | ᠬᠠᠤᠯᠢᠴᠢ ᠶᠢᠨ ᠠᠵᠢᠯ ᠲᠥᠷᠥᠯ ᠤᠨ ᠬᠠᠤᠯᠢ ᠳᠦᠷᠢᠮ ᠤᠨ ︽ᠰᠢᠨ᠎ᠡ ᠬᠡᠪ ᠤᠨ ᠪᠠᠶᠢᠳᠠᠯ︾ ᠲᠠᠢ ᠵᠤᠬᠢᠴᠠᠯᠳᠤᠨ᠂ | ᠦᠨᠳᠦᠰᠦᠲᠡᠨ ᠤ ᠭᠠᠵᠠᠷ ᠣᠷᠣᠨ ᠤ ᠬᠠᠤᠯᠢᠴᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ | |